ᠶᠢᠰᠦᠳᠦᠭᠡᠷ ᠬᠤᠭᠤᠴᠠᠭᠠᠨ ᠤ ᠬᠠᠶᠢᠷᠤᠪ ᠤᠨ ᠲᠤᠬᠤᠢ ᠲᠤᠭᠤᠷᠢᠭ ᠤᠨ ᠨᠠᠮ ᠤᠨ ᠬᠤᠷᠢᠶ᠎ᠠ ᠶᠢᠨ ᠠᠩᠬᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠵᠢᠴᠢ ᠠᠮᠤ ᠪᠤᠳᠠᠭᠠᠨ ᠤ ᠠᠰᠠᠭᠤᠳᠠᠯ ᠳᠤ ᠬᠤᠯᠪᠣᠭᠳᠠᠭᠰᠠᠨ ᠲᠤᠰᠬᠠᠢ ᠲᠣᠭᠤᠷᠢᠨ ᠪᠠᠶᠢᠴᠠᠭᠠᠯᠲᠠ ᠶᠢᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/1
     11 ᠰᠠᠷ᠎ᠠ ᠶᠢᠨ 25᠎ ᠤ ᠡᠳᠦᠷ᠂ ᠶᠢᠰᠦᠳᠦᠭᠡᠷ ᠬᠤᠭᠤᠴᠠᠭᠠᠨ ᠤ ᠬᠠᠶᠢᠷᠤᠪ ᠤᠨ ᠲᠤᠬᠤᠢ ᠲᠤᠭᠤᠷᠢᠭ ᠤᠨ ᠨᠠᠮ ᠤᠨ ᠬᠤᠷᠢᠶᠠᠨ ᠤ ᠠᠩᠬᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠵᠢᠴᠢ ᠠᠮᠤ ᠪᠤᠳᠠᠭᠠᠨ ᠤ ᠠᠰᠠᠭᠤᠳᠠᠯ ᠳᠤ ᠬᠤᠯᠪᠣᠭᠳᠠᠬᠤ ᠲᠤᠰᠬᠠᠢ ᠳᠦᠷᠦᠯ ᠤᠨ ᠴᠠᠭᠳᠠᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠮᠤ ᠪᠤᠳᠠᠭᠠᠨ ᠤ ᠠᠰᠠᠭᠤᠳᠠᠯ ᠳᠤ ᠬᠤᠯᠪᠣᠭᠳᠠᠭᠰᠠᠨ ᠲᠤᠰᠬᠠᠶ ᠲᠣᠭᠤᠷᠢᠨ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ᠂ ᠨᠠᠢᠮᠠᠳᠤᠭᠠᠷ ᠬᠤᠭᠤᠴᠠᠭᠠᠨ ᠤ ᠦᠬᠠᠶ ᠬᠤᠲᠠ ᠶᠢᠨ ᠨᠠᠮ ᠤᠨ ᠬᠤᠷᠢᠶ᠎ᠠ ᠶᠢᠨ ᠠᠩᠬᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠶᠢᠰᠦᠳᠦᠭᠡᠷ ᠬᠤᠭᠤᠴᠠᠭᠠᠨ ᠤ ᠲᠤᠭᠤᠷᠢᠭ ᠎ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃
    ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠦᠬᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ᠂ ᠪᠦᠬᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠢ ᠠᠬᠢᠭᠤᠯᠬᠤ ᠬᠤᠷᠠᠯ ᠪᠣᠯᠤᠨ ᠨᠠᠮ ᠤᠨ ᠲᠥᠪ ᠬᠤᠷᠢᠶᠠᠨ ᠤ ᠲᠣᠭᠤᠷᠢᠨ ᠪᠠᠶᠢᠴᠠᠭᠠᠬᠤ ᠲᠣᠭᠤᠷᠢᠨ ᠪᠠᠶᠢᠴᠠᠭᠠᠬᠤ ᠠᠵᠢᠯ ᠤᠨ ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠬᠦ ᠶᠢ ᠭᠦᠨᠵᠡᠭᠡᠶᠢᠷᠡᠭᠦᠯᠬᠦ ᠲᠤᠬᠠᠶ ᠰᠢᠢᠤᠡᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ᠂ ᠬᠠᠶᠢᠷᠤᠪ ᠤᠨ ᠲᠤᠬᠤᠢ ᠲᠣᠭᠤᠷᠢᠭ ᠤᠨ ᠴᠠᠭᠳᠠᠨ ᠪᠠᠶᠢᠴᠠᠭᠠᠬᠤ ᠠᠵᠢᠯ ᠤᠨ ᠰᠢᠨ᠎ᠡ ᠪᠠᠶᠢᠳᠠᠯ᠂ ᠰᠢᠨ᠎ᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠶᠢᠰᠦᠳᠦᠭᠡᠷ ᠬᠤᠭᠤᠴᠠᠭᠠᠨ ᠤ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠨᠢᠭᠡᠳᠬᠡᠵᠦ᠂ ᠬᠠᠷᠠᠯᠲᠠ ᠱᠠᠭᠠᠷᠳᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠲᠤᠳᠬᠠᠵᠤ᠂ ᠶᠢᠰᠦᠳᠦᠭᠡᠷ ᠬᠤᠭᠤᠴᠠᠭᠠᠨ ᠤ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠴᠢᠨᠠᠷ ᠰᠠᠶᠢᠲᠠᠢ ᠴᠠᠭᠳᠠᠨ ᠪᠠᠶᠢᠴᠠᠭᠠᠬᠤ ︽ᠪᠦᠬᠦᠨ ᠢ ᠪᠦᠷᠬᠦᠬᠦᠯᠬᠦ︾᠎ ᠶᠢ ᠰᠠᠶᠢᠲᠤᠷ ᠡᠬᠢᠯᠡᠭᠦᠯᠬᠦ ᠶᠢ ᠪᠠᠲᠤᠯᠠᠬᠤ ᠬᠡᠷᠡᠭᠲᠡᠢ ᠭᠡᠵᠠᠢ᠃             ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠡᠯ᠎ᠡ ᠱᠠᠲᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠳᠠᠶᠢᠴᠢᠯᠠᠬᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠪᠣᠯᠤᠨ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠬᠢᠨᠠᠯᠲᠠ ᠲᠠᠯᠪᠢᠵᠤ ᠪᠠᠲᠤᠯᠠᠬᠤ᠂ ᠲᠡᠭᠦᠯᠳᠡᠷᠵᠢᠭᠦᠯᠦᠨ ᠬᠥᠭᠵᠢᠭᠦᠯᠬᠦ ᠶᠢ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠡᠭᠦᠨ ᠤ ᠬᠠᠮᠲᠤ ᠠᠮᠤ ᠪᠤᠳᠠᠭ᠎ᠠ ᠳᠤ ᠬᠤᠯᠪᠣᠭᠳᠠᠬᠤ ᠠᠰᠠᠭᠤᠳᠠᠯ ᠤᠨ ᠲᠣᠭᠤᠷᠢᠨ ᠳᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠢ ᠬᠢᠨᠠᠯᠲᠠ ᠲᠠᠯᠪᠢᠬᠤ ᠭᠤᠣᠯᠳᠠᠯᠭ᠎ᠠ ᠪᠣᠯᠭᠠᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ᠎ᠡ᠃ ᠡᠭᠦᠨ ᠠᠴᠠ ᠭᠠᠳᠠᠨ᠎ᠠ᠂ ᠴᠠᠭᠳᠠᠨ ᠪᠠᠶᠢᠴᠠᠭᠠᠬᠤ ᠪᠠᠶᠢᠭᠤᠯᠤᠮᠵᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ᠂ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠪᠣᠯᠤᠨ ᠠᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠳᠡᠭᠡᠳᠦ ᠱᠠᠲᠤᠨ ᠤ ᠲᠡᠷᠢᠭᠦᠨ ᠤ ᠲᠤᠷᠰᠢᠯᠭ᠎ᠠ ᠶᠢ ᠵᠡᠷᠭᠡᠪᠡᠷ ᠰᠤᠷᠤᠯᠴᠠᠵᠤ᠂ ᠪᠣᠳᠠᠲᠤ ᠪᠠᠶᠢᠯᠳᠤᠭᠠᠨ ᠳᠤ ᠲᠤᠰ ᠱᠠᠲᠤᠨ ᠤ ᠴᠠᠭᠳᠠᠨ ᠪᠠᠶᠢᠴᠠᠭᠠᠬᠤ ᠺᠠᠳ᠋ᠷ ᠢ ᠳᠠᠪᠲᠠᠨ ᠪᠣᠯᠪᠠᠰᠤᠷᠠᠭᠤᠯᠵᠤ᠂ ᠤᠯᠤᠰ ᠲᠦᠷᠦ ᠶᠢᠨ ᠬᠡᠪ ᠴᠢᠨᠠᠷ ᠢᠶᠠᠷ ᠥᠨᠳᠥᠷ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠲᠠᠢ᠂ ᠲᠤᠰᠬᠠᠢ ᠮᠡᠷᠭᠡᠵᠢᠯ ᠤᠨ ᠴᠢᠳᠠᠪᠤᠷᠢ ᠪᠠᠷ ᠯᠠᠪᠳᠠᠭᠤᠨ ᠪᠠᠲᠤᠲᠠᠢ᠂ ᠵᠣᠷᠢᠭᠲᠠᠢ ᠪᠠᠷ ᠲᠡᠮᠡᠴᠡᠬᠦ ᠳᠡᠭᠡᠨ ᠴᠢᠳᠠᠮᠠᠭᠠᠢ ᠴᠠᠭᠳᠠᠨ ᠪᠠᠶᠢᠴᠠᠭᠠᠬᠤ ᠡᠩᠨᠡᠭᠡ ᠶᠢ ᠠᠯᠬᠤᠮ ᠠᠯᠬᠤᠮ ᠢᠶᠠᠷ ᠪᠠᠶᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠦᠷᠭᠦᠯᠵᠢᠯᠡᠨ ᠢᠳᠡᠪᠬᠢᠲᠡᠢ ᠦᠢᠯᠡᠳᠦᠯ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号