ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠷᠪᠠᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ  ᠲᠤᠪᠴᠢᠶ᠎ᠠ ᠶᠢᠨ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/12/10
   12 ᠰᠠᠷ᠎ᠠ ᠶᠢᠨ 8᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠷᠪᠠᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠧᠦ ᡁᠢ ᠨᠢᠩ ᠨᠡᠷ ᠬᠠᠶᠢᠷᠤᠪ ᠤᠨ ᠲᠤᠬᠤᠢ ᠲᠣᠭᠤᠷᠢᠭ ᠲᠤ ᠬᠦᠷᠴᠦ ᠮᠠᠨ ᠤ ᠲᠤᠪᠴᠢᠶ᠎ᠠ ᠶᠢᠨ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠠᠢ᠃     ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠡᠩ ᠲᠡᠷᠢᠭᠦᠨ ᠳᠤ ᠬᠠᠶᠢᠷᠤᠪ ᠤᠨ ᠳᠤᠬᠤᠢ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ ᠳᠤ ᠬᠦᠷᠴᠦ᠂ ᠲᠠᠷᠢᠶᠠᠯᠠᠬᠤ ᠣᠷᠣᠨ ᠤ ᠰᠤᠷᠭᠠᠭᠤᠯᠢ ᠶᠢᠨ ᠨᠣᠮ ᠤᠨ ᠰᠠᠩ ᠤᠨ ᠶᠡᠷᠦᠩᠬᠡᠶ ᠬᠤᠪᠢᠶᠠᠷᠢ ᠰᠠᠩ ᠤᠨ ᠳᠦᠷᠢᠮ ᠢ ᠠᠬᠢᠭᠤᠯᠵᠤ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠲᠤᠰ ᠲᠤᠰ ᠨᠣᠮ ᠬᠠᠳᠠᠭᠠᠯᠠᠬᠤ ᠭᠡᠷ᠂ ᠪᠠᠭᠰᠢ ᠶᠢᠨ ᠤᠩᠰᠢᠯᠭ᠎ᠠ ᠶᠢᠨ ᠭᠡᠷ᠂ ᠤᠷᠠᠨ ᠪᠢᠴᠢᠯᠭᠡ ᠶᠢᠨ ᠭᠡᠷ ᠢ ᠲᠣᠭᠤᠷᠢᠨ ᠦᠵᠡᠵᠦ᠂ ᠵᠧᠤ ᡁᠢ ᠨᠢᠩ ᠵᠢᠭᠠᠵᠤ ᠭᠠᠷᠭᠠᠭᠰᠠᠨ ᠨᠢ᠂ ᠨᠣᠮ ᠤᠨ ᠰᠠᠩ ᠤᠨ ᠬᠤᠪᠢᠶᠠᠷᠢ ᠭᠤᠣᠯ ᠵᠢᠭᠰᠠᠭᠠᠯ ᠤᠨ ᠭᠠᠵᠠᠷ ᠢ ᠨᠡᠭᠡᠭᠡᠬᠦ ᠪᠠᠷ ᠳᠡᠮᠵᠢᠨ᠂ ᠰᠤᠷᠭᠠᠭᠤᠯᠢ ᠶᠢᠨ ᠨᠣᠮ ᠬᠠᠳᠠᠭᠠᠯᠠᠬᠤ ᠬᠡᠮᠵᠢᠶ᠎ᠡ ᠶᠢ ᠲᠦᠢᠯ ᠤᠨ ᠶᠡᠭᠡ ᠪᠠᠷ ᠪᠠᠶᠠᠯᠢᠭᠵᠢᠭᠤᠯᠵᠤ᠂ ᠪᠠᠭᠰᠢ ᠰᠤᠷᠤᠭᠴᠢᠳ ᠤᠨ ᠣᠯᠠᠨ ᠶᠠᠩᠵᠤ ᠶᠢᠨ ᠤᠩᠰᠢᠯᠭ᠎ᠠ ᠶᠢᠨ ᠬᠡᠷᠡᠭᠴᠡᠭᠡ ᠶᠢ ᠬᠠᠩᠭᠠᠵᠤ᠂ ᠰᠤᠷᠤᠭᠴᠢᠳ ᠤᠨ ᠤᠩᠰᠢᠯᠭ᠎ᠠ ᠶᠢᠨ ᠤᠷᠮ᠎ᠠ ᠪᠠᠬ᠎ᠠ ᠶᠢ ᠬᠥᠭᠵᠢᠭᠡᠨ᠂ ᠬᠢᠴᠢᠶᠡᠯ ᠤᠨ ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠬᠤ ᠳᠤ ᠠᠰᠢᠭᠲᠠᠶ ᠶᠤᠮ᠂ ᠢᠷᠡᠭᠡᠳᠦᠶ ᠶᠢᠨ ᠠᠵᠢᠯ ᠤᠨ ᠳᠤᠮᠳᠠ ᠪᠠᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ︽ᠭᠤᠷᠪᠠᠨ ᠬᠤᠷᠠᠯ ᠨᠢᠭᠡ ᠬᠢᠴᠢᠶᠡᠯ︾᠎ ᠤᠨ ᠠᠵᠢᠯᠯᠠᠭ᠎ᠠ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ ᠤᠷᠠᠨ ᠪᠢᠴᠢᠯᠭᠡ ᠶᠢᠨ ᠬᠥᠮᠦᠵᠢᠯ ᠳᠤ ᠤᠯᠠᠮᠵᠢᠯᠠᠯᠲᠤ ᠰᠣᠶᠣᠯ ᠢ ᠤᠯᠠᠮᠵᠢᠯᠠᠬᠤ ᠲᠠᠢ ᠤᠶᠠᠯᠳᠤᠭᠤᠯᠵᠤ᠂ ᠥᠪᠡᠷᠮᠢᠴᠡ ᠣᠨᠴᠠᠯᠢᠭ ᠲᠠᠢ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠪᠠᠭ᠎ᠠ ᠰᠤᠷᠭᠠᠭᠤᠯᠢ ᠶᠢ ᠪᠠᠶᠢᠭᠤᠯᠬᠤ ᠬᠡᠷᠡᠭᠲᠡᠶ  ᠭᠡᠵᠠᠢ᠃      ᠳᠠᠷᠠᠭ᠎ᠠ ᠨᠢ ᠸᠠᠩ ᠶᠤᠸᠠᠨ ᠳ᠋ᠢ ᠲᠣᠰᠬᠤᠨ ᠳᠤ ᠬᠦᠷᠴᠦ ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠸᠠᠩ ᠶᠤᠸᠠᠨ ᠳ᠋ᠢ ᠲᠣᠰᠬᠤᠨ ᠤ ᠵᠤᠭᠠᠴᠠᠯ ᠤᠨ ᠦᠢᠯᠡᠴᠢᠯᠡᠭᠡᠨ ᠤ ᠲᠥᠪ᠂ ᠰᠣᠶᠣᠯ ᠤᠨ ᠶᠡᠭᠡ ᠬᠦᠷᠢᠶᠡᠯᠡᠩ᠂ ᠳ᠋ᠠᠨ ᠳ᠋ᠠᠨ ᠲᠠᠷᠢᠶᠠᠴᠢᠨ ᠠᠶᠢᠯ ᠤᠨ ᠵᠤᠭᠠᠴᠠᠯ ᠵᠢᠴᠢ ᠬᠤᠩ ᠰᠢᠩ ᠲᠢᠶᠠᠨ ᠳ᠋ᠢ ᠬᠤᠷᠰᠢᠶ᠎ᠠ ᠶᠢ ᠲᠣᠭᠤᠷᠢᠨ ᠦᠵᠡᠵᠦ᠂ ᠵᠧᠦ ᡁᠢ ᠨᠢᠩ᠂ ᠮᠠᠨ ᠤ ᠲᠤᠪᠴᠢᠶ᠎ᠠ ᠶᠢᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠢ ᠡᠭᠦᠳᠦᠨ ᠪᠠᠶᠢᠭᠤᠯᠬᠤ ᠠᠵᠢᠯ ᠨᠢᠭᠡᠨᠲᠡ ᠪᠠᠶᠠᠷᠯᠠᠭᠤᠰᠢᠲᠠᠢ ᠠᠬᠢᠴᠠ ᠲᠠᠢ ᠪᠣᠯᠪᠠ᠂ ᠢᠷᠡᠭᠡᠳᠦᠢ ᠳᠤ ᠰᠠᠭᠤᠷᠢ ᠲᠥᠬᠦᠭᠡᠷᠦᠮᠵᠢ ᠶᠢ ᠴᠢᠨᠠᠭᠰᠢᠳᠠ ᠲᠡᠭᠦᠯᠳᠡᠷᠵᠢᠭᠦᠯᠵᠦ᠂ ᠸᠠᠩ ᠶᠤᠸᠠᠨ ᠳ᠋ᠢ ᠲᠣᠰᠬᠤᠨ ᠤ ᠬᠥᠳᠡᠭᠡ ᠲᠣᠰᠬᠤᠨ ᠤ ᠵᠤᠭᠠᠴᠠᠯ ᠤᠨ ᠤᠨᠴᠠᠯᠢᠬᠳᠤ ᠲᠦᠷᠦᠯ ᠲᠡᠮᠳᠡᠭ ᠢ ᠡᠭᠦᠳᠴᠦ᠂ ᠴᠡᠭ ᠢᠶᠠᠷ ᠨᠡᠶᠢᠳᠡᠮ ᠢ ᠲᠠᠶᠢᠴᠢᠯᠠᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠰᠠᠶᠢᠨ ᠰᠠᠶᠢᠬᠠᠨ ᠰᠠᠴᠤᠷᠠᠭ ᠤᠨ ᠦᠢᠯᠡᠳᠦᠯ ᠢ ᠪᠤᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ ᠭᠡᠵᠦ ᠴᠢᠬᠤᠯᠠᠴᠢᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号