ᠬᠠᠶᠢᠪᠸᠢ ᠵᠡᠭᠡᠯᠢ ᠭᠤᠳᠤᠮᠵᠢ ᠶᠢᠨ ᠬᠢᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ᠨᠠᠰᠤᠲᠠᠶᠢᠴᠤᠳ ᠤᠨ ᠰᠡᠳᠬᠢᠯ ᠳᠤ ᠬᠦᠷᠭᠡᠨ᠎ᠡ
ᠨᠡᠶᠢᠲᠡᠯᠡᠭᠰᠡᠨ ᠴᠠᠭ᠄
2021/12/10
     ᠬᠠᠷᠢᠶᠠᠲᠤ ᠣᠷᠣᠨ ᠤ ᠨᠠᠰᠤᠲᠠᠶᠢᠴᠤᠳ ᠤᠨ 80 ᠨᠠᠰᠤᠨ ᠠᠴᠠ ᠳᠡᠭᠡᠭᠰᠢᠬᠢ ᠥᠨᠳᠥᠷ ᠨᠠᠰᠤᠨ ᠤ ᠨᠥᠬᠦᠪᠥᠷᠢ ᠶᠢᠨ ᠭᠡᠷᠡᠴᠢᠯᠡᠯ ᠬᠢᠯᠭᠡᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠣᠶᠢᠷ᠎ᠠ ᠳᠤ᠂ ᠬᠠᠶᠢᠪᠸᠢ ᠵᠡᠭᠡᠯᠢ ᠭᠤᠳᠤᠮᠵᠢ ᠶᠢᠨ ᠳ᠋ᠦᠩ ᠱᠠᠨ ᠪᠸᠢ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠬᠡᠷ ᠲᠤᠨᠢ ᠬᠦᠷᠴᠦ᠂ ᠶᠠᠪᠤᠵᠤ ᠰᠠᠭᠤᠬᠤ ᠳᠤ ᠳᠥᠭᠦᠮ ᠦᠭᠡᠢ ᠭᠠᠭᠴᠠᠭᠠᠷ ᠰᠠᠭᠤᠭ᠎ᠠ ᠨᠠᠰᠤᠲᠠᠶᠢᠴᠤᠳ ᠲᠤ 80 ᠨᠠᠰᠤᠨ ᠤ ᠨᠥᠬᠦᠪᠥᠷᠢ ᠶᠢᠨ ᠬᠡᠷᠡᠯ ᠵᠢᠷᠤᠭ ᠤᠨ ᠭᠡᠷᠡᠴᠢᠯᠡᠯ ᠬᠢᠯᠭᠡᠵᠦ᠂ ᠣᠷᠳᠣ ᠨᠠᠰᠤᠲᠠᠶᠢᠴᠤᠳ ᠲᠤ ᠨᠠᠮ ᠪᠠ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨ ᠬᠦ ᠬᠦᠷᠲᠡᠭᠡᠭᠰᠡᠨ ᠪᠠᠶᠢᠨ᠎ᠠ᠃     ᠰᠦᠯᠵᠢᠶᠡᠨ ᠤ ᠠᠵᠢᠯᠲᠠᠨ ᠥᠨᠳᠥᠷ ᠨᠠᠰᠤᠲᠠᠶ ᠨᠠᠰᠤᠲᠠᠨ ᠤ ᠭᠡᠷᠡᠴᠢᠯᠡᠨ ᠮᠠᠭᠠᠳᠯᠠᠭᠰᠠᠨ ᠦᠭᠡᠶ ᠨᠡᠷᠡᠰ ᠢ ᠡᠮᠬᠢᠯᠡᠵᠦ᠂ ᠤᠲᠠᠰᠤ ᠠᠪᠬᠤ᠂ ᠸᠢᠴᠠᠲ ᠪᠥᠭᠡᠮ ᠢᠶᠠᠷ ᠲᠠᠷᠬᠠᠭᠠᠬᠤ ᠵᠡᠷᠭᠡ ᠣᠯᠠᠨ ᠵᠤᠶᠢᠯ ᠤᠨ ᠠᠷᠭ᠎ᠠ ᠮᠠᠶ᠋ᠢᠭ ᠢᠶᠠᠷ ᠥᠨᠳᠥᠷ ᠨᠠᠰᠤᠲᠠᠶ ᠨᠠᠰᠤᠲᠠᠶᠢᠴᠤᠳ ᠲᠤ ᠴᠠᠭ ᠲᠤᠬᠠᠶ ᠳᠤᠨᠢ ᠣᠷᠣᠰᠢᠨ ᠠᠮᠢᠳᠤᠷᠠᠬᠤ ᠶᠢᠨ ᠭᠡᠷᠡᠴᠢᠯᠡᠯ ᠤᠨ ᠥᠨᠳᠥᠷ ᠨᠠᠰᠤᠨ ᠤ ᠨᠥᠬᠦᠪᠥᠷᠢ ᠥᠭᠬᠦ ᠶᠢ ᠮᠡᠳᠡᠭᠳᠡᠵᠦ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ ᠬᠡᠷ ᠲᠤᠨᠢ ᠬᠦᠷᠴᠦ ᠭᠡᠷᠡᠴᠢᠯᠡᠯ ᠤᠨ ᠤᠶᠢᠯᠡᠴᠢᠯᠡᠭᠡ ᠬᠠᠩᠭᠠᠵᠤ᠂ ᠥᠨᠳᠥᠷ ᠨᠠᠰᠤᠲᠠᠶ ᠨᠠᠰᠤᠲᠠᠨ ᠨᠢᠭᠡᠪᠦᠷᠢ ᠴᠥᠮ ᠥᠨᠳᠥᠷ ᠨᠠᠰᠤᠨ ᠤ ᠨᠥᠬᠦᠪᠥᠷᠢ ᠶᠢ ᠴᠠᠭ ᠲᠤᠬᠠᠶ ᠳᠤᠨᠢ ᠤᠯᠬᠤ ᠶᠢ ᠪᠠᠲᠤᠯᠠᠵᠤ᠂ 80 ᠨᠠᠰᠤᠨ ᠠᠴᠠ ᠳᠡᠭᠡᠭᠰᠢᠬᠢ ᠨᠠᠰᠤᠲᠠᠨ ᠨᠢᠭᠡᠪᠦᠷᠢ ᠴᠥᠮ ᠥᠨᠳᠥᠷ ᠨᠠᠰᠤᠨ ᠤ ᠨᠡᠮᠡᠭᠦᠷᠢ ᠶᠢᠨ ᠲᠥᠷᠥ ᠶᠢᠨ ᠪᠣᠳᠣᠯᠭ᠎ᠠ ᠭᠥᠷᠳᠡᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠠᠢ᠃
   ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠷᠠᠳ ᠲᠤ ᠳᠦᠬᠦᠮ ᠦᠵᠡᠭᠦᠯᠬᠦ ᠦᠢᠯᠡᠴᠢᠯᠡᠭᠡ ᠪᠠᠨ ᠨᠠᠰᠤᠲᠠᠶᠢᠴᠤᠳ ᠤᠨ ᠰᠡᠳᠬᠢᠯ ᠳᠤ ᠬᠠᠳᠠᠩᠰᠢᠭᠤᠯᠵᠤ᠂ ᠨᠠᠰᠤᠲᠠᠶᠢᠴᠤᠳ ᠢ ᠬᠠᠪᠰᠤᠷᠤᠨ ︽ᠲᠣᠭᠠᠨ ᠤ ᠵᠠᠭᠠᠭ︾᠎ ᠢ ᠳᠠᠪᠠᠭᠤᠯᠵᠤ᠂ ᠨᠠᠰᠤᠲᠠᠶᠢᠴᠤᠳ ᠲᠤ ᠨᠠᠩ ᠰᠢᠭᠤᠳ᠂ ᠨᠠᠩ ᠳᠣᠲᠣᠨᠣ᠂ ᠨᠠᠩ ᠪᠦᠷᠢᠨ ᠭᠦᠢᠴᠡᠤᠡ ᠤᠶᠢᠯᠡᠴᠢᠯᠡᠭᠡ ᠬᠠᠩᠭᠠᠵᠤ᠂ ᠡᠷᠦᠬᠡ ᠳᠤ ᠬᠦᠷᠴᠦ ᠰᠤᠷᠪᠤᠯᠵᠢᠯᠠᠬᠤ᠂ ᠶᠠᠷᠢᠯᠴᠠᠨ ᠣᠶᠢᠯᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠤ ︽ᠪᠠᠴᠢᠮ ᠪᠡᠷᠬᠡ ᠵᠣᠪᠠᠨᠢᠯ︾ ᠠᠰᠠᠭᠤᠳᠠᠯ ᠢ ᠴᠠᠭ ᠲᠤᠬᠠᠶ ᠳᠤᠨᠢ ᠤᠶᠢᠯᠠᠭᠠᠨ ᠡᠵᠡᠮᠰᠢᠵᠦ᠂ ᠠᠳᠠᠯᠢ ᠪᠤᠰᠤ ᠬᠠᠮᠲᠤᠯᠢᠭ ᠤᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ ᠨᠠᠷᠢᠯᠢᠭ ᠣᠨᠣᠴᠠᠲᠠᠶ  ᠤᠶᠢᠯᠡᠴᠢᠯᠡᠭᠡ ᠥᠷᠨᠢᠭᠦᠯᠵᠦ᠂ ᠠᠷᠠᠳ ᠲᠦᠮᠡᠨ ᠳᠤ ᠤᠯᠠᠮ ᠨᠢᠭᠡ ᠠᠯᠬᠤᠮ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号