ᠬᠠᠶᠢᠷᠤᠪ ᠤᠨ ᠲᠣᠬᠤᠢ ᠲᠣᠭᠤᠷᠢᠭ ᠤᠨ ᠭᠡᠷ ᠬᠥᠷᠥᠩᠭᠡ ᠪᠠ ᠠᠳᠠᠯ ᠠᠬᠤᠶ ᠶᠢᠨ ᠦᠢᠯᠡᠴᠢᠯᠡᠭᠡᠨ ᠤ ᠲᠥᠪ ᠎ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠭᠰᠠᠨ ᠲᠤᠭ᠎ᠠ ᠪᠠᠷᠢᠮᠲᠠ ᠶᠢᠨ ᠪᠦᠷᠢᠳᠬᠡᠯ
ᠨᠡᠶᠢᠲᠡᠯᠡᠭᠰᠡᠨ ᠴᠠᠭ᠄
2021/12/13
     ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠪᠠᠯᠭᠠᠰᠤᠨ ᠤ ᠰᠢᠲᠠᠮᠠᠬᠠᠶ ᠬᠡᠢ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠬᠠᠶᠢᠷᠤᠪ ᠤᠨ ᠲᠣᠬᠤᠢ ᠲᠣᠭᠤᠷᠢᠭ ᠤᠨ ᠭᠡᠷ ᠬᠥᠷᠥᠩᠭᠡ ᠪᠠ ᠠᠳᠠᠯ ᠠᠬᠤᠶ ᠶᠢᠨ ᠦᠢᠯᠡᠴᠢᠯᠡᠭᠡᠨ ᠤ ᠲᠥᠪ ᠲᠡᠷᠡ ᠳᠠᠷᠤᠶ ᠳᠤᠨᠢ ᠠᠳᠠᠯ ᠠᠬᠤᠶ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠰᠢᠲᠠᠮᠠᠬᠠᠶ ᠬᠡᠢ ᠶᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠨᠢᠭᠡ ᠭᠠᠷᠠᠭ ᠤᠨ ᠬᠤᠭᠤᠴᠠᠭ᠎ᠠ ᠶᠢ ᠥᠩᠭᠡᠷᠡᠭᠡᠭᠡᠳ᠂ ᠨᠢᠭᠡᠨᠲᠡ ᠬᠠᠭᠠᠰ ᠲᠣᠭᠠᠨ ᠤ ᠠᠳᠠᠯ ᠠᠬᠤᠢ ᠶᠢᠨ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠵᠤ ᠳᠠᠭᠤᠰᠬᠠᠪᠠ᠂ ᠪᠠᠶᠢᠩᠭᠤ ᠲᠣᠬᠢᠶᠠᠯᠳᠤᠬᠤ ᠠᠰᠠᠭᠤᠳᠠᠯ ᠤᠨ ᠣᠯᠠᠩᠬᠢ ᠨᠢ ᠲᠣᠣᠷ ᠤᠲᠠᠰᠤᠨ ᠤ ᠴᠠᠬᠢᠯᠭᠠᠨ ᠤᠲᠠᠰᠤ ᠨᠢ ᠰᠢᠲᠠᠮᠠᠬᠠᠢ ᠬᠡᠢ ᠶᠢᠨ ᠬᠤᠭᠤᠯᠠᠢ ᠶᠢ ᠣᠷᠢᠶᠠᠵᠤ᠂ ᠡᠭᠦᠳᠡᠨ ᠳᠤ ᠡᠯᠳᠡᠪ ᠶᠠᠭᠤᠮ᠎ᠠ ᠶᠢ ᠳᠠᠮᠵᠢᠭᠤᠯᠬᠤ ᠬᠤᠭᠤᠯᠠᠢ ᠶᠢᠨ ᠤᠢᠢᠷ᠎ᠠ ᠬᠠᠪᠢ ᠳᠤ ᠣᠪᠣᠭᠠᠯᠠᠨ ᠲᠠᠯᠪᠢᠵᠤ᠂ ᠡᠯ᠎ᠡ ᠠᠳᠠᠯ ᠠᠬᠤᠢ ᠶᠢᠨ ᠠᠵᠤ ᠠᠬᠤᠶᠢᠯᠠᠯ ᠨᠢᠭᠡᠨᠲᠡ ᠢᠳᠡᠪᠬᠢᠲᠡᠢ ᠠᠷᠭ᠎ᠠ ᠬᠡᠮᠵᠢᠶ᠎ᠡ ᠠᠪᠴᠤ᠂ ᠥᠮᠴᠢᠲᠡᠨ ᠲᠠᠢ ᠬᠠᠷᠢᠯᠴᠠᠵᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠬᠤ ᠵᠢᠴᠢ ᠲᠣᠣᠷ ᠤᠲᠠᠰᠤᠨ ᠤ ᠺᠣᠮᠫᠠᠨᠢ ᠲᠠᠢ ᠬᠠᠷᠢᠯᠴᠠᠵᠤ ᠵᠥᠪᠳᠡᠯᠴᠡᠨ ᠰᠢᠢᠳᠪᠦᠷᠢᠯᠡᠵᠡᠢ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号