ᠸᠠᠩ ᠶᠤᠸᠠᠨ ᠳ᠋ᠢ ᠲᠣᠰᠬᠤᠨ ᠳᠤ ᠵᠢᠷᠭᠤᠳᠤᠭᠠᠷ ᠬᠤᠭᠤᠴᠠᠭᠠᠨ ᠤ ᠭᠠᠭ᠋ᠠᠢ ᠶᠢᠨ ᠰᠣᠶᠣᠯ ᠤᠨ ᠨᠠᠶᠢᠷ ᠡᠷᠬᠢᠯᠡᠪᠡ
ᠨᠡᠶᠢᠲᠡᠯᠡᠭᠰᠡᠨ ᠴᠠᠭ᠄
2021/12/13
    12 ᠰᠠᠷ᠎ᠠ ᠶᠢᠨ 11᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ  ᠴᠡᠭᠡᠯ ᠠᠭᠤᠯᠠ ᠪᠠᠯᠭᠠᠰᠤᠨ ᠤ ᠸᠠᠩ ᠶᠤᠸᠠᠨ ᠳ᠋ᠢ ᠲᠣᠰᠬᠤᠨ ᠳᠤ ᠵᠢᠷᠭᠤᠳᠤᠭᠠᠷ ᠬᠤᠭᠤᠴᠠᠭᠠᠨ ᠤ ᠭᠠᠭ᠋ᠠᠢ ᠶᠢᠨ ᠰᠣᠶᠣᠯ ᠤᠨ ᠨᠠᠶᠢᠷ ᠢ ᠡᠷᠬᠢᠯᠡᠪᠡ᠃ ᠮᠠᠰᠢ ᠤᠯᠠᠨ ᠬᠤᠳᠠ ᠶᠢᠨ ᠠᠷᠠᠳ ᠲᠤᠬᠠᠢ ᠶᠢᠨ ᠭᠠᠵᠠᠷ ᠤᠨ ᠠᠷᠠᠳ ᠤᠨ ᠵᠠᠩ ᠵᠠᠩᠰᠢᠯ ᠠᠷᠠᠳ ᠤᠨ ᠵᠠᠩ ᠳᠠᠳᠬᠠᠯ ᠢ ᠪᠡᠶᠡᠴᠢᠯᠡᠨ ᠣᠶᠢᠯᠠᠭᠠᠵᠤ᠂ ᠴᠡᠪᠡᠷ ᠠᠷᠢᠭᠤᠨ ᠨᠤᠲᠤᠭ ᠤᠨ ᠦᠨᠦᠷ ᠠᠮᠲᠠ ᠶᠢ ᠠᠮᠲᠠᠯᠠᠵᠤ᠂ ᠬᠥᠳᠡᠭᠡ ᠲᠣᠰᠬᠤᠨ ᠤ ᠵᠤᠭᠠᠴᠠᠯ ᠤᠨ ᠠᠪᠴᠢᠷᠠᠭᠰᠠᠨ ᠪᠠᠶᠠᠷ ᠪᠠᠭ᠋ᠠᠳᠤᠯ ᠪᠠ ᠲᠠᠭᠠᠯᠠᠮᠵᠢ ᠶᠢ ᠡᠷᠢᠯᠬᠢᠯᠡᠬᠦ ᠪᠠᠷ ᠢᠷᠡᠵᠠᠢ᠃      ᠵᠢᠯ ᠤᠨ ᠭᠠᠭ᠋ᠠᠢ ᠶᠢᠨ ᠰᠣᠶᠣᠯ ᠤᠨ ᠨᠠᠶᠢᠷ ᠨᠢ ᠳᠠᠭᠤᠤ ᠪᠥᠵᠢᠭ ᠤᠨ ᠳᠤᠮᠳᠠ ᠬᠥᠰᠢᠭᠡ ᠪᠠᠨ ᠰᠡᠬᠦᠵᠦ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠲᠤ ᠮᠠᠰᠢ ᠬᠦᠷ ᠬᠥᠭᠵᠢᠶᠡᠨ ᠲᠠᠢ ᠪᠠᠶᠢᠯ᠎ᠠ᠃ ᠲᠤᠬᠠᠢ ᠶᠢᠨ ᠲᠠᠯᠠᠪᠠᠢ ᠶᠢᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠤᠯᠲᠠ ᠨᠢ ᠶᠡᠭᠡ ᠬᠡᠮᠵᠢᠶᠡᠨ ᠤ ᠬᠤᠳᠠ ᠶᠢᠨ ᠠᠷᠠᠳ ᠤᠨ ᠰᠣᠨᠢᠷᠬᠠᠯ ᠢ ᠲᠠᠲᠠᠵᠤ᠂ ᠴᠡᠭᠡᠯ ᠠᠭᠤᠯᠠ ᠪᠠᠯᠭᠠᠰᠤᠨ ᠤ ᠰᠠᠭᠤᠭᠠᠯᠢ ᠠᠷᠠᠳ ᠥᠪᠡᠷ ᠥᠪᠡᠷ ᠤᠨ ᠲᠠᠷᠢᠵᠦ ᠲᠡᠵᠢᠭᠡᠨ ᠦᠷᠡᠵᠢᠭᠦᠯᠵᠦ ᠪᠠᠶᠢᠭ᠎ᠠ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢᠶᠠᠨ ᠲᠤᠬᠠᠢ ᠶᠢᠨ ᠲᠠᠯᠠᠪᠠᠢ ᠳᠤ ᠠᠪᠠᠴᠢᠵᠤ ᠳᠡᠯᠭᠡᠨ ᠦᠵᠡᠭᠦᠯᠵᠦ᠂ ᠪᠣᠷᠣᠯᠠᠭᠤᠯᠬᠤ ᠳᠤ᠂ ᠵᠤᠭᠠᠴᠠᠭᠰᠠᠳ ᠨᠢᠭᠡ ᠲᠠᠯ᠎ᠠ ᠪᠠᠷ ᠲᠣᠭᠯᠠᠯᠲᠠ ᠰᠣᠨᠢᠷᠬᠠᠵᠤ᠂ ᠨᠢᠭᠡ ᠲᠠᠯ᠎ᠠ ᠪᠠᠷ ᠬᠡᠷᠡᠭᠴᠡᠭᠡ ᠲᠠᠢ ᠪᠦᠲᠦᠭᠡᠭᠳᠡᠬᠦᠨ ᠢᠶᠠᠨ ᠬᠤᠳᠠᠯᠳᠤᠨ ᠠᠪᠴᠤ᠂ ︽ᠰᠢᠨ᠎ᠡ ᠵᠢᠯ ᠤᠨ ᠦᠨᠦᠷ ᠠᠮᠲᠠ︾᠎ ᠶᠢ ᠳᠡᠯᠭᠡᠨ ᠦᠵᠡᠭᠦᠯᠵᠦ ᠪᠠᠶᠢᠯ᠎ᠠ᠃       ᠣᠶᠢᠷ᠎ᠠ ᠶᠢᠨ ᠵᠢᠯ ᠠᠴᠠ ᠨᠠᠭᠠᠰᠢ᠂ ᠴᠡᠭᠡᠯ ᠠᠭᠤᠯᠠ ᠪᠠᠯᠭᠠᠰᠤ ᠲᠠᠷᠢᠶᠠᠯᠠᠬᠤ ᠣᠷᠣᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠠᠯᠬᠤᠴᠠ ᠪᠠᠨ ᠲᠦᠷᠭᠡᠳᠬᠡᠵᠦ᠂ ᠤᠨᠴᠠᠯᠢᠬᠳᠤ ᠵᠢᠵᠢᠭ ᠪᠠᠯᠭᠠᠰᠤᠨ ᠤ ᠵᠤᠭᠠᠴᠠᠯ ᠤᠨ ᠲᠦᠷᠦᠯ ᠲᠡᠮᠳᠡᠭ ᠢ ᠢᠳᠡᠪᠬᠢᠲᠡᠢ ᠡᠭᠦᠳᠴᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠬᠤ ᠠᠷᠭ᠎ᠠ ᠬᠡᠯᠪᠡᠷᠢ ᠪᠠᠷ ᠤᠯᠠᠨ ᠲᠠᠯᠠᠪᠤᠷ ᠵᠢᠯ ᠤᠨ ᠪᠠᠷᠠᠭᠠᠨ ᠤ ᠪᠠᠶᠠᠷ᠂ ᠡᠯᠪᠡᠭ ᠬᠤᠷᠢᠶᠠᠯᠲᠠ ᠶᠢᠨ ᠪᠠᠶᠠᠷ ᠵᠡᠷᠭᠡ ᠤᠨᠴᠠᠯᠢᠬᠳᠤ ᠪᠠᠶᠠᠷ ᠳᠤᠷᠠᠰᠬᠠᠯ ᠤᠨ ᠠᠵᠢᠯᠯᠠᠭ᠎ᠠ ᠶᠢ ᠡᠷᠬᠢᠯᠡᠵᠦ᠂ ᠨᠡᠶᠢᠭᠡᠮ ᠤᠨ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠬᠦ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ᠂ ᠬᠠᠳᠤᠨ ᠭᠤᠣᠯ ᠳᠠᠭᠠᠤ ᠶᠢᠨ ᠣᠷᠣᠨ ᠪᠦᠰᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠯᠢᠭᠡᠷ ᠳᠠᠭᠤᠷᠢᠶᠠᠯ ᠢ ᠡᠭᠦᠳᠬᠦ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠬᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号