ᠰᠦᠯᠵᠢᠶᠡᠨ ᠤ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ  ᠴᠢᠳᠠᠪᠤᠷᠢ ᠶᠢ ᠳᠡᠭᠡᠭᠰᠢᠯᠡᠭᠦᠯᠤᠨ᠎ᠡ
ᠨᠡᠶᠢᠲᠡᠯᠡᠭᠰᠡᠨ ᠴᠠᠭ᠄
2021/12/14
    ᠲᠣᠣᠷᠵᠢᠭᠤᠯᠤᠯᠲᠠ ᠶᠢᠨ ᠠᠵᠢᠯ ᠤᠨ ᠪᠠᠶᠢᠩᠭᠤᠵᠢᠬᠤ᠂ ᠵᠢᠷᠤᠮᠵᠢᠭᠤᠯᠬᠤ᠂ ᠳᠦᠷᠢᠮᠵᠢᠭᠦᠯᠬᠦ ᠪᠠᠶᠢᠭᠤᠯᠤᠯᠲᠠ ᠶᠢ ᠠᠬᠢᠭᠤᠯᠵᠤ᠂ ᠲᠣᠣᠷᠵᠢᠭᠤᠯᠤᠯᠲᠠ ᠶᠢᠨ ᠡᠩᠨᠡᠭᠡᠨ ᠤ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ 12 ᠰᠠᠷ᠎ᠠ ᠶᠢᠨ 9᠎ ᠤ ᠡᠳᠦᠷ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠢᠨ ᠦᠬᠠᠢ ᠬᠤᠳᠠ ᠶᠢᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠲᠠᠢ ᠬᠤᠯᠪᠣᠭᠠᠯᠠᠨ ᠲᠣᠣᠷᠵᠢᠭᠤᠯᠤᠭᠴᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠥᠷᠨᠢᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠲᠥᠪ ᠤᠨ ᠠᠵᠢᠯᠳᠠᠨ ᠪᠠ ᠵᠡᠭᠡᠯᠢ ᠭᠤᠳᠤᠮᠵᠢ ᠶᠢᠨ ᠲᠣᠣᠷᠵᠢᠭᠤᠯᠤᠭᠴᠢ ᠶᠢᠨ 80 ᠬᠥᠮᠦᠨ ᠣᠷᠣᠯᠴᠠᠪᠠ᠃
   ᠲᠣᠰ ᠤᠳᠠᠭᠠᠨ ᠤ ᠪᠣᠯᠪᠠᠰᠤᠷᠠᠭᠤᠯᠤᠯ ᠳᠤ ᠭᠤᠤᠯᠳᠠᠭᠤ ᠰᠦᠯᠵᠢᠶᠡᠨ ᠤ ᠠᠵᠢᠯᠲᠠᠨ ᠤ ᠳᠡᠭᠡᠭᠰᠢ ᠮᠡᠳᠡᠭᠦᠯᠬᠦ ᠠᠰᠠᠭᠤᠳᠠᠯ ᠤᠨ ᠲᠥᠷᠥᠯ ᠬᠡᠯᠪᠡᠷᠢ᠂ ᠰᠦᠯᠵᠢᠶᠡᠨ ᠤ ᠨᠡᠪᠲᠡᠷᠡᠯ ᠤᠨ ᠠᠵᠢᠯᠯᠠᠭᠠᠨ ᠤ ᠬᠡᠷᠡᠭᠯᠡᠯᠲᠡ᠂ ᠠᠵᠤ ᠠᠬᠤᠶᠢᠯᠠᠯ ᠤᠨ ᠸᠢᠴᠠᠲ ᠤᠨ ᠬᠡᠷᠡᠭᠯᠡᠯᠲᠡ ᠳᠤ ᠴᠢᠭᠯᠡᠭᠦᠯᠦᠨ ᠨᠠᠷᠢᠨ ᠲᠠᠶᠢᠯᠤᠮᠵᠢ ᠬᠢᠵᠦ᠂ ᠰᠦᠯᠵᠢᠶᠡᠨ ᠤ ᠨᠡᠪᠲᠡᠷᠡᠯ ᠤᠨ ᠳᠡᠭᠡᠭᠰᠢ ᠮᠡᠳᠡᠭᠦᠯᠬᠦ ᠬᠡᠷᠡᠭ ᠢ ᠬᠡᠷᠡᠭᠯᠡᠬᠦ ᠳᠡᠭᠡᠨ ᠬᠡᠷᠡᠭ ᠤᠨ ᠶᠠᠰᠤ ᠴᠢᠨᠠᠷ ᠢ ᠠᠩᠬᠠᠷᠴᠤ᠂ ᠬᠦᠴᠦᠨ ᠥᠬᠡᠶ ᠬᠡᠷᠡᠭ ᠭᠠᠷᠬᠤ ᠠᠴᠠ ᠵᠠᠶᠢᠯᠠᠰᠬᠢᠬᠦ ᠬᠡᠷᠡᠭᠲᠡᠶ ᠭᠡᠵᠦ ᠭᠤᠤᠯᠳᠠᠯᠭ᠎ᠠ ᠲᠠᠢ ᠴᠢᠬᠤᠯᠠᠴᠢᠯᠠᠵᠠᠶ᠃ ᠰᠦᠯᠵᠢᠶᠡᠨ ᠤ ᠠᠵᠢᠯᠲᠠᠨ ᠴᠠᠭ ᠲᠤᠬᠠᠶ ᠳᠤᠨᠢ ᠠᠵᠤ ᠠᠬᠤᠶᠢᠯᠠᠯ ᠤᠨ ᠸᠢᠴᠠᠲ ᠲᠤ ᠣᠷᠣᠵᠤ᠂ ᠰᠠᠭᠤᠭᠠᠯᠢ ᠠᠷᠠᠳ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠬᠤ ᠬᠡᠷᠡᠭᠲᠡᠶ᠃ ᠪᠣᠯᠪᠠᠰᠤᠷᠠᠭᠤᠯᠤᠭᠰᠠᠨ ᠤ ᠳᠠᠷᠠᠭ᠎ᠠ᠂ ᠰᠦᠯᠵᠢᠶᠡᠨ ᠤ ᠠᠵᠢᠯᠲᠠᠨ ᠤ ᠠᠵᠢᠯ ᠤᠨ ᠳᠤᠮᠳᠠ ᠲᠣᠬᠢᠶᠠᠯᠳᠤᠭᠰᠠᠨ ᠠᠰᠠᠭᠤᠳᠠᠯ ᠳᠤ ᠴᠢᠭᠯᠡᠭᠦᠯᠦᠨ ᠰᠠᠨᠠᠯ ᠢᠶᠠᠨ ᠰᠣᠯᠢᠯᠴᠠᠬᠤ ᠪᠠ ᠬᠠᠷᠢᠭᠤᠯᠲᠠ ᠥᠭᠪᠡ᠃    ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠰᠦᠯᠵᠢᠶᠡᠨ ᠤ ᠠᠵᠢᠯᠲᠠᠨ ᠤ ᠲᠣᠰ ᠪᠡᠶ᠎ᠡ ᠶᠢᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠰᠦᠯᠵᠢᠶᠡᠨ ᠤ ᠠᠵᠢᠯᠲᠠᠨ ᠤ ᠥᠪᠡᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠠᠷᠠᠯᠲᠠ ᠪᠠᠨ ᠤᠯᠠᠮ ᠨᠢᠭᠡ ᠠᠯᠬᠤᠮ ᠲᠣᠳᠣᠷᠬᠠᠶ ᠪᠣᠯᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠢᠨ ᠲᠣᠣᠷᠵᠢᠯ ᠤᠨ ᠬᠦᠴᠦᠨ ᠢ ᠭᠦᠢᠴᠡᠳ ᠪᠠᠳᠠᠷᠠᠭᠤᠯᠵᠤ ᠤᠯᠠᠨ ᠲᠦᠮᠡᠨ ᠤ ᠠᠩᠬᠠᠷᠴᠤ ᠪᠠᠶᠢᠭ᠎ᠠ ᠬᠦᠴᠢᠷ ᠲᠦᠪᠡᠭᠲᠡᠢ ᠠᠰᠠᠭᠤᠳᠠᠯ ᠢ ᠰᠢᠢᠳᠪᠦᠷᠢᠯᠡᠵᠦ᠂ ᠵᠢᠵᠢᠭ ᠲᠣᠣᠷᠵᠢᠯ ᠤᠨ ᠶᠡᠭᠡ ᠦᠢᠯᠡᠳᠦᠯ ᠢ ᠪᠠᠳᠠᠷᠠᠭᠤᠯᠵᠤ᠂ ᠬᠤᠳᠠ᠂ ᠲᠣᠭᠤᠷᠢᠭ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠲᠣᠣᠷᠵᠢᠯ ᠤᠨ ︽ᠲᠠᠪᠤᠨ ᠳᠡᠰ︾᠎ ᠢ ᠨᠡᠪᠲᠡᠷᠡᠭᠦᠯᠬᠦ ᠶᠢ ᠦᠨᠡᠨᠬᠦ ᠪᠡᠶᠡᠯᠡᠭᠦᠯᠬᠦ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号