ᠰᠦᠯᠵᠢᠶᠡᠨ ᠤ ᠤᠶᠢᠯᠡᠳᠤᠯ ᠢ ᠪᠠᠳᠠᠷᠠᠭᠤᠯᠵᠤ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠳᠡᠭᠡᠭᠰᠢᠯᠡᠭᠦᠯᠤᠶ᠎ᠡ
ᠨᠡᠶᠢᠲᠡᠯᠡᠭᠰᠡᠨ ᠴᠠᠭ᠄
2021/12/14
     ᠲᠣᠣᠷᠵᠢᠯ ᠤᠨ ᠦᠢᠯᠡᠴᠢᠯᠡᠭᠡᠨ ᠤ ᠡᠩᠨᠡᠭᠡ ᠶᠢ ᠤᠯᠠᠮ ᠴᠢᠨᠠᠭᠰᠢᠳᠠ ᠴᠢᠩᠭᠠᠳᠬᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠲᠥᠪ ᠤᠨ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ᠲᠤᠰ ᠭᠠᠷᠠᠭ᠂ ᠹᠧᠩ ᠬᠤᠸᠠᠩ ᠯᠢᠩ ᠵᠡᠭᠡᠯᠢ ᠭᠤᠳᠤᠮᠵᠢ ︽ᠲᠣᠣᠷᠵᠢᠯ ᠤᠨ ᠭᠠᠷᠠᠭ ᠤᠨ ᠠᠵᠢᠯ ᠤᠨ ᠨᠠᠷᠢᠨ ᠲᠠᠩᠰᠠ︾ ᠶᠣᠰᠣᠭᠠᠷ ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠳᠠᠷᠠᠭᠠᠯᠠᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠲᠣᠣᠷᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ ᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠪᠡ᠃
     ᠲᠣᠰ ᠤᠳᠠᠭᠠᠨ ᠤ ᠵᠢᠭᠰᠠᠭᠠᠨ ᠪᠠᠶᠢᠴᠠᠭᠠᠬᠤ ᠠᠵᠢᠯᠯᠠᠭ᠎ᠠ ᠳᠤ᠂ ᠰᠦᠯᠵᠢᠶᠡᠨ ᠤ ᠠᠵᠢᠯᠲᠠᠨ ᠰᠣᠨᠣᠰᠬᠤ᠂ ᠠᠰᠠᠭᠤᠬᠤ᠂ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠰᠦᠯᠵᠢᠶᠡᠨ ᠤ ᠳᠣᠲᠣᠷ᠎ᠠ ᠴᠥᠮᠥᠷᠡᠭᠰᠡᠨ᠂ ᠳᠤᠷ᠎ᠠ ᠪᠠᠷ ᠢᠶᠠᠨ ᠡᠷᠢᠶᠡᠴᠢᠭᠰᠡᠨ᠂ ᠡᠯ᠎ᠡ ᠲᠥᠷᠥᠯ ᠤᠨ ᠵᠠᠷ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠠᠭᠠᠭᠰᠠᠨ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ ᠵᠢᠴᠢ ᠵᠠᠮ ᠤᠨ ᠨᠢᠭᠤᠷ ᠨᠢ ᠪᠤᠵᠠᠷ᠂ ᠡᠷᠦᠶ ᠬᠤᠷᠤᠶ ᠥᠬᠡᠶ ᠪᠠᠶᠢᠬᠤ ᠡᠰᠡᠬᠦ᠂ ᠬᠤᠭ ᠨᠣᠪᠰᠢ ᠨᠢ ᠯᠡᠪᠡᠷᠡᠭᠰᠡᠨ ᠡᠰᠡᠬᠦ ᠶᠢ ᠭᠤᠤᠯᠳᠠᠯᠭ᠎ᠠ ᠲᠠᠢ ᠲᠣᠭᠤᠷᠢᠨ ᠪᠠᠶᠢᠴᠠᠭᠠᠨ᠎ᠠ᠃ ᠪᠦᠷᠢᠳᠬᠡᠯ ᠢ ᠦᠨᠳᠦᠰᠦᠯᠡᠪᠡᠯ᠂ ᠨᠡᠶᠢᠲᠡ 74 ᠵᠤᠷᠪᠤᠰ ᠠᠰᠠᠭᠤᠳᠠᠯ ᠢ ᠢᠯᠡᠷᠡᠭᠦᠯᠵᠡᠶ᠂ ᠵᠢᠱᠢᠶᠡᠯᠡᠪᠡᠯ ᠮᠦᠸᠧ ᠰᠢᠶᠠᠩ ᠯᠢ ᠶᠤᠸᠠᠨ ᠨᠡᠶᠢᠭᠡᠮ ᠲᠣᠭᠤᠷᠢᠭ ᠤᠨ ᠡᠶ᠎ᠡ ᠵᠣᠬᠢᠴᠠᠯᠳᠤ ᠵᠠᠷ ᠤᠨ ᠫᠠᠶᠢᠰᠠ ᠡᠪᠳᠡᠷᠡᠵᠦ᠂ ᠶᠢᠩ ᠯᠦᠩ ᠪᠠᠷᠠᠭᠤᠨ ᠲᠣᠭᠤᠷᠢᠭ ᠤᠨ ᠵᠠᠮ ᠤᠨ ᠨᠢᠭᠤᠷ ᠬᠦᠨᠳᠦ ᠨᠣᠴᠢᠲᠠᠶ ᠡᠪᠳᠡᠷᠡᠵᠦ᠂ ᠯᠠᠨ ᠲᠢᠶᠠᠨ ᠨᠡᠶᠢᠭᠡᠮ ᠲᠣᠭᠤᠷᠢᠭ ᠤᠨ ᠵᠥᠩ ᠹᠦ᠋ ᠰᠢᠨ᠎ᠡ ᠲᠣᠰᠬᠤᠨ ᠤ ᠬᠦᠷᠢᠶᠡᠨ ᠳᠣᠲᠣᠷᠠᠬᠢ ᠵᠠᠮ ᠡᠪᠳᠡᠷᠡᠵᠦ᠂ ᠵᠡᠭᠦᠨ ᠡᠭᠦᠳᠡᠨ ᠤ ᠡᠭᠦᠳᠡ ᠡᠪᠳᠡᠷᠡᠵᠦ᠂ ᠭᠠᠯ ᠤᠨᠲᠠᠷᠠᠭᠠᠬᠤ ᠵᠠᠮ ᠤᠨ ᠵᠢᠷᠤᠭᠠᠰᠤ ᠲᠣᠳᠣᠷᠬᠠᠶ ᠥᠬᠡᠶ ᠵᠡᠷᠭᠡ ᠠᠰᠠᠭᠤᠳᠠᠯ ᠪᠣᠯᠤᠨ᠎ᠠ᠃ ᠵᠢᠭᠰᠠᠭᠠᠨ ᠪᠠᠶᠢᠴᠠᠭᠠᠬᠤ ᠠᠰᠠᠭᠤᠳᠠᠯ ᠳᠤ ᠴᠢᠭᠯᠡᠭᠦᠯᠦᠨ᠂ ᠰᠦᠯᠵᠢᠶᠡᠨ ᠤ ᠠᠵᠢᠯᠲᠠᠨ ᠢᠳᠡᠪᠬᠢᠲᠡᠶ ᠪᠠᠷ ᠰᠢᠢᠤᠡᠪᠤᠷᠢᠯᠡᠵᠤ᠂ ᠠᠷᠠᠳ ᠤᠨ ᠰᠡᠳᠬᠢᠯ ᠢ ᠴᠢᠩᠭ᠎ᠠ ᠠᠳᠬᠤᠨ᠂ ᠨᠠᠷᠢᠯᠢᠭ ᠣᠨᠣᠴᠠᠲᠠᠶ ᠪᠠᠷ  ᠤᠶᠢᠯᠡᠴᠢᠯᠡᠵᠤ᠂ ᠣᠲᠣ ᠨᠢᠭᠡᠨᠲᠡ 60 ᠭᠠᠷᠤᠶ  ᠵᠤᠶᠢᠯ ᠢ  ᠰᠢᠢᠤᠡᠪᠤᠷᠢᠯᠡᠵᠠᠢ᠃        ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠪᠦᠬᠦ ᠠᠷᠠᠳ ᠢᠶᠠᠷ ᠢᠶᠠᠨ ᠣᠷᠣᠯᠴᠠᠵᠤ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠴᠥᠬᠦᠷᠡᠰᠢ ᠦᠭᠡᠢ ᠪᠠᠶᠢᠩᠭᠤ ᠠᠳᠬᠤᠵᠤ᠂ ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ ᠤ ᠲᠦᠪᠰᠢᠨ ᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠵᠦ᠂ ᠬᠥᠮᠦᠨ ᠪᠦᠬᠦᠨ ᠣᠷᠣᠯᠴᠠᠵᠤ ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠠᠭᠤᠷ ᠠᠮᠢᠰᠬᠤᠯ ᠢ ᠪᠤᠢ ᠪᠣᠯᠭᠠᠨ᠎ᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号