ᠬᠠᠶᠢᠷᠤᠪ ᠤᠨ ᠲᠤᠬᠤᠢ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾ ᠪᠣᠯᠪᠠᠰᠤᠷᠠᠯ ᠤᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2021/12/14
    ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠵᠣᠭᠰᠣᠴᠠ ᠶᠢ ᠴᠢᠨᠠᠭᠰᠢᠳᠠ ᠳᠡᠭᠡᠭᠰᠢᠯᠡᠭᠦᠯᠵᠦ᠂ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠤ ᠠᠵᠢᠯ ᠤᠨ ᠬᠠᠷᠢᠭᠤᠴᠠᠯᠭ᠎ᠠ ᠶᠢ ᠦᠨᠡᠨᠬᠦ ᠰᠠᠶᠢᠲᠤᠷ ᠭᠦᠢᠴᠡᠳᠬᠡᠬᠦ ᠶᠢᠨ ᠲᠥᠯᠥᠭᠡ᠂ ᠤᠢᠢᠷ᠎ᠠ ᠶᠢᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾ ᠪᠣᠯᠪᠠᠰᠤᠷᠠᠯ ᠤᠨ ᠬᠤᠷᠠᠯ ᠬᠤᠷᠠᠯᠳᠤᠵᠤ᠂ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠣᠷᠣᠯᠴᠠᠪᠠ᠃
    ᠪᠣᠯᠪᠠᠰᠤᠷᠠᠯ ᠤᠨ ᠬᠤᠷᠠᠯ ᠠᠴᠠ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠬᠠᠤᠯᠢ ᠶᠢᠨ ᠤᠬᠠᠭᠠᠨ ᠪᠣᠯᠤᠨ ᠬᠠᠮᠢᠶᠠᠷᠤᠯᠲᠠ ᠶᠢᠨ ᠤᠬᠠᠭᠠᠨ ᠤ ᠵᠢᠭᠠᠨ ᠰᠤᠳᠤᠯᠬᠤ ᠲᠠᠰᠤᠭ ᠤᠨ ᠯᠧᠺᠲ᠋ᠣᠷ ᠷᠤᠸᠠᠨ ᠯᠠᠨ ᠪᠠᠭᠰᠢ ᠶᠢ ᠣᠨᠴᠠᠭᠠᠶᠢᠯᠠᠨ ᠤᠷᠢᠵᠤ᠂ ᠷᠤᠸᠠᠨ ᠪᠠᠭᠰᠢ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠪᠦᠷᠢᠯᠳᠦᠯ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠤᠨᠤᠯ ᠪᠣᠯᠤᠨ ᠦᠢᠯᠡᠳᠦᠯᠭᠡ ᠶᠢᠨ ︽ᠭᠤᠷᠪᠠᠨ ᠪᠠᠶᠢᠷᠢ ᠲᠣᠭᠲᠠᠭᠠᠯᠲᠠ︾᠂ ᠲᠠᠪᠤᠨ ᠶᠡᠭᠡ ᠰᠠᠭᠤᠷᠢ ᠶᠢ ᠪᠠᠲᠤᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠭᠤᠷᠪᠠᠨ ᠲᠠᠯ᠎ᠠ ᠶᠢᠨ ᠲᠣᠭᠤᠷᠢᠨ ᠳᠤ ᠨᠠᠷᠢᠨ ᠨᠢᠭᠲᠠ ᠠᠮᠢᠳᠤᠯᠢᠭ ᠢᠶᠠᠷ ᠲᠣᠳᠣᠷᠬᠠᠶᠢᠯᠠᠨ ᠥᠭᠦᠯᠡᠪᠡ᠃      ᠡᠭᠦᠨ ᠤ ᠬᠠᠮᠲᠤ ᠶᠡᠭᠡ ᠬᠡᠮᠵᠢᠶᠡᠨ ᠤ ᠰᠢᠨ᠎ᠡ ᠰᠣᠷᠭᠤᠭ ᠪᠣᠳᠠᠲᠤ ᠵᠢᠱᠢᠶ᠎ᠡ ᠲᠠᠢ ᠤᠶᠠᠯᠳᠤᠭᠤᠯᠤᠨ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠠᠶᠢᠯᠪᠤᠷᠢᠯᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾᠎ ᠶᠢᠨ ᠴᠢᠬᠤᠯᠠ ᠶᠡᠭᠡ ᠠᠴᠢ ᠬᠤᠯᠪᠣᠭᠳᠠᠯ ᠢ ᠶᠠᠷᠢᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠳᠤ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠣᠶᠢᠯᠠᠭᠠᠭᠤᠯᠵᠤ᠂ ᠵᠥᠪ ᠣᠨᠣᠪᠴᠢᠲᠠᠢ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ ᠶᠢ ᠪᠤᠢ ᠪᠣᠯᠭᠠᠵᠤ᠂ ᠦᠨᠳᠦᠰᠦᠲᠡᠨ ᠤ ᠠᠵᠢᠯ ᠤᠨ ᠵᠥᠪ ᠴᠢᠭᠯᠡᠯ ᠢ ᠪᠠᠲᠤᠯᠠᠵᠤ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠨᠤᠯ ᠤᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠦᠨᠳᠦᠰᠦᠲᠡᠨ ᠤ ᠠᠵᠢᠯ ᠤᠨ ᠤᠬᠠᠮᠰᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠤᠯᠠᠮ ᠴᠢᠨᠠᠭᠰᠢᠳᠠ ᠬᠥᠮᠦᠵᠢᠭᠦᠯᠦᠨ ᠳᠠᠭᠠᠭᠤᠯᠤᠨ᠎ᠠ᠃    ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾ ᠰᠤᠷᠤᠯᠴᠠᠯᠭ᠎ᠠ ᠶᠢᠨ ᠬᠤᠷᠠᠯ ᠢ ᠦᠷᠭᠦᠯᠵᠢᠯᠡᠨ ᠥᠷᠨᠢᠭᠦᠯᠵᠦ᠂ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠶᠢᠨ ᠣᠯᠤᠯᠲᠠ ᠪᠠᠨ ᠠᠵᠢᠯ ᠢᠶᠠᠨ ᠠᠬᠢᠭᠤᠯᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠲᠠᠯ᠎ᠠ ᠪᠠᠷ ᠬᠢ ᠬᠦᠳᠦᠯᠦᠨ ᠳᠠᠭᠠᠭᠤᠯᠵᠤ  ᠵᠢᠱᠢᠶ᠎ᠡ ᠦᠵᠡᠭᠦᠯᠬᠦ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃        
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号