ᠬᠠᠶᠢᠷᠤᠪ ᠤᠨ ᠲᠤᠬᠤᠢ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠨᠢᠭᠡ ᠬᠤᠭᠤᠴᠠᠭᠠᠨ ᠤ ᠭᠡᠰᠢᠭᠦᠨ ᠤ ᠲᠤᠰᠢᠶᠠᠯ ᠳᠤ ᠭᠠᠷᠬᠤ ᠠᠴᠠ ᠡᠮᠦᠨᠡᠬᠢ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/14
   ᠤᠢᠢᠷ᠎ᠠ ᠶᠢᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠰᠢᠨ᠎ᠡ ᠨᠢᠭᠡ ᠬᠤᠭᠤᠴᠠᠭᠠᠨ ᠤ ᠭᠡᠰᠢᠭᠦᠨ ᠤ ᠲᠤᠰᠢᠶᠠᠯ ᠳᠤ ᠭᠠᠷᠬᠤ ᠠᠴᠠ ᠡᠮᠦᠨᠡᠬᠢ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃  ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠩ ᠴᠢᠩ ᠶᠤᠸᠠᠨ ᠬᠤᠷᠠᠯ ᠳᠤ ᠣᠷᠣᠯᠴᠠᠵᠤ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠼᠦᠢ ᠶᠦᠨ ᠬᠤᠷᠠᠯ ᠢ ᠡᠷᠭᠢᠯᠡᠪᠡ᠃ ᠤᠯᠤᠰ ᠲᠦᠷᠦ ᠶᠢᠨ ᠵᠥᠪᠯᠡᠯᠭᠡᠨ ᠤ 122 ᠭᠡᠰᠢᠭᠦᠨ ᠪᠣᠯᠪᠠᠰᠤᠷᠠᠯ ᠤᠨ ᠬᠤᠷᠠᠯ ᠳᠤ ᠣᠷᠣᠯᠴᠠᠪᠠ᠃
   ᠪᠣᠯᠪᠠᠰᠤᠷᠠᠯ ᠤᠨ ᠬᠤᠷᠠᠯ ᠠᠴᠠ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠠᠶᠢᠷᠤᠪ ᠤᠨ ᠳᠤᠬᠤᠢ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠠᠩ ᠪᠠᠭᠰᠢ  ᠎ ᠢ ᠤᠷᠢᠵᠤ ᠤᠯᠤᠰ ᠲᠦᠷᠦ ᠶᠢᠨ ᠵᠥᠪᠯᠡᠯᠭᠡᠨ ᠤ ᠠᠵᠢᠯ᠂ ᠰᠠᠨᠠᠯ ᠳᠤᠷᠠᠳᠤᠯᠭ᠎ᠠ ᠲᠤᠭᠤᠷᠪᠢᠬᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠵᠡᠷᠭᠡ ᠲᠠᠯ᠎ᠠ ᠪᠠᠷ ︽ᠰᠢᠨ᠎ᠡ ᠴᠠᠭ ᠦᠶ᠎ᠡ ᠶᠢ ᠰᠠᠯᠤᠯ ᠦᠭᠡᠢ ᠳᠠᠭᠠᠵᠤ᠂ ᠤᠯᠤᠰ ᠲᠦᠷᠦ ᠶᠢᠨ ᠵᠥᠪᠯᠡᠯᠭᠡᠨ ᠤ ᠬᠥᠮᠦᠰ ᠢ ᠰᠠᠶᠢᠲᠤᠷ ᠬᠢᠬᠦ ᠬᠡᠷᠡᠭᠲᠡᠢ︾ ᠭᠡᠬᠦ ᠰᠡᠳᠦᠪ ᠢᠶᠠᠷ ᠲᠤᠰᠬᠠᠢ ᠰᠡᠳᠦᠪ ᠢᠶᠠᠷ ᠬᠢᠴᠢᠶᠡᠯᠯᠡᠭᠦᠯᠪᠡ᠃ ᠰᠢᠨ᠎ᠡ ᠨᠢᠭᠡ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠬᠠᠪᠰᠤᠷᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠡᠦᠬᠡ᠂ ᠰᠢᠨᠵᠢ ᠴᠢᠨᠠᠷ᠂ ᠪᠠᠶᠢᠷᠢ ᠰᠠᠭᠤᠷᠢ᠂ ᠡᠭᠦᠷᠭᠡ ᠴᠢᠳᠠᠪᠤᠷᠢ ᠵᠡᠷᠭᠡ ᠲᠠᠯ᠎ᠠ ᠶᠢᠨ ᠲᠠᠨᠢᠯᠲᠠ ᠶᠢ ᠨᠢ ᠭᠦᠨᠵᠡᠭᠡᠶᠢᠷᠡᠭᠦᠯᠵᠦ᠂ ᠰᠠᠨᠠᠯ ᠵᠥᠪᠯᠡᠯᠭᠡ ᠲᠤᠭᠤᠷᠪᠢᠨ ᠪᠢᠴᠢᠬᠦ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠱᠠᠭᠠᠷᠳᠠᠯᠭ᠎ᠠ ᠪᠠ ᠠᠷᠭ᠎ᠠ ᠶᠢ ᠰᠠᠶᠢᠨ ᠣᠶᠢᠯᠠᠭᠠᠭᠤᠯᠵᠤ᠂ ᠠᠯᠢ ᠲᠦᠷᠭᠡᠨ ᠢᠶᠠᠷ ᠭᠡᠰᠢᠭᠦᠳ ᠤᠨ ᠳᠦᠷᠢ ᠳᠤ ᠣᠷᠣᠬᠤ ᠪᠠᠷ ᠴᠢᠷᠮᠠᠶᠢᠨ᠎ᠠ᠃    ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠲᠤᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭᠠᠨ ᠤ ᠬᠠᠮᠢᠶ᠎ᠠ ᠪᠦᠬᠦᠢ ᠮᠠᠲᠷᠢᠸ᠋ᠶᠠᠯ ᠢ ᠡᠮᠬᠢᠳᠬᠡᠨ ᠳᠡᠪᠲᠡᠷᠯᠡᠵᠦ᠂ ᠭᠡᠰᠢᠭᠦᠳ ᠲᠤ ᠲᠠᠷᠬᠠᠭᠠᠪᠠ᠃      ᠬᠤᠷᠠᠯ ᠠᠴᠠ᠂ ᠰᠢᠨ᠎ᠡ ᠨᠢᠭᠡ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠡᠯ᠎ᠡ ᠭᠡᠰᠢᠭᠦᠳ ᠤᠨ ᠡᠯ᠎ᠡ ᠪᠦᠯᠬᠦᠮ᠂ ᠡᠯ᠎ᠡ ᠡᠲᠡᠭᠡᠳ ᠤᠨ ᠢᠯᠭᠠᠯ ᠠᠴᠠ ᠢᠷᠡᠭᠰᠡᠨ ᠦᠢᠯᠡᠳᠦᠯ ᠢ ᠪᠠᠳᠠᠷᠠᠭᠤᠯᠵᠤ᠂ ᠲᠦᠷᠦᠭᠦᠯᠡᠨ ᠰᠤᠷᠤᠯᠴᠠᠨ ᠣᠶᠢᠯᠠᠭᠠᠵᠤ᠂ ᠨᠠᠷᠢᠨ ᠬᠢᠨᠠᠮᠠᠭᠠᠢ ᠣᠶᠢᠯᠠᠭᠠᠵᠤ᠂ ᠦᠵᠡᠯ ᠰᠠᠨᠠᠭ᠎ᠠ᠂ ᠴᠢᠳᠠᠪᠤᠷᠢ ᠶᠢᠨ ᠰᠠᠭᠤᠷᠢ ᠶᠢ ᠪᠠᠲᠤᠳᠬᠠᠵᠤ᠂ ᠰᠢᠨ᠎ᠡ ᠨᠢᠭᠡ ᠬᠤᠭᠤᠴᠠᠭᠠᠨ ᠤ ᠭᠡᠰᠢᠭᠦᠳ ᠢ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ  ᠬᠤᠷᠢᠶ‌‍᠎ᠠ᠎ᠠ ᠶᠢᠨ ᠠᠩᠬᠠᠳᠤᠭᠠᠷ ᠬᠤᠷᠠᠯ ᠳᠤ ᠵᠣᠬᠢᠴᠠᠩᠭᠤᠢ ᠪᠠᠶᠢᠷᠢᠯᠠᠭᠤᠯᠤᠯᠲᠠ ᠲᠤᠬᠢᠷᠠᠭᠤᠯᠤᠯᠲᠠ ᠬᠢᠵᠡᠢ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号