ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ  ᠬᠤᠷᠢᠶ᠎ᠠ ᠶᠢᠨ ᠬᠤᠷᠢᠳᠤᠭᠠᠷ ᠤᠳᠠᠭ᠎ᠠ ᠶᠢᠨ ᠪᠠᠶᠢᠩᠭᠤ ᠶᠢᠨ ᠭᠡᠰᠢᠭᠦᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/14
   ᠤᠢᠢᠷ᠎ᠠ ᠳᠤ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠳᠤᠬᠤᠢ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠷᠢᠳᠤᠭᠠᠷ ᠤᠳᠠᠭ᠎ᠠ ᠶᠢᠨ ᠪᠠᠶᠢᠩᠭᠤ ᠶᠢᠨ ᠭᠡᠰᠢᠭᠦᠳ ᠤᠨ ᠬᠤᠷᠠᠯ ᠬᠤᠷᠠᠯᠳᠤᠪᠠ᠃  ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠠᠩ ᠴᠢᠩ ᠶᠤᠸᠠᠨ ᠬᠤᠷᠠᠯ ᠢ ᠡᠷᠬᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠠᠢ᠃
   ︽ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠦᠷᠢᠮ︾ ᠶᠣᠰᠣᠭᠠᠷ᠂ ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠳᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠭᠡᠰᠢᠭᠦᠳ ᠤᠨ ᠰᠠᠨᠠᠭᠤᠯᠭ᠎ᠠ ᠶᠢᠨ ᠨᠡᠷᠡᠰ ᠵᠢᠴᠢ ᠪᠤᠰᠤᠳ ᠬᠤᠯᠪᠣᠭᠳᠠᠯ ᠪᠦᠬᠦᠢ ᠪᠢᠴᠢᠭ ᠮᠠᠲᠧᠷᠢᠶᠠᠯ ᠢ ᠬᠢᠨᠠᠨ ᠵᠥᠪᠯᠡᠵᠦ ᠪᠠᠲᠤᠯᠠᠪᠠ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠤᠨ ᠬᠤᠷᠠᠯᠳᠤᠬᠤ ᠴᠠᠭ ᠢ ᠬᠢᠨᠠᠨ ᠵᠥᠪᠯᠡᠪᠡ᠃        ᠬᠤᠷᠠᠯ ᠠᠴᠠ᠂ ᠤᠯᠤᠰ ᠲᠦᠷᠦ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ ᠠᠵᠢᠯ ᠪᠣᠯ ᠬᠠᠶᠢᠷᠤᠪ ᠤᠨ ᠳᠤᠬᠤᠢ ᠲᠣᠭᠤᠷᠢᠭ ᠤᠨ ᠤᠯᠤᠰ ᠲᠦᠷᠦ ᠶᠢᠨ ᠠᠮᠢᠳᠤᠷᠠᠯ ᠳᠠᠬᠢ ᠨᠢᠭᠡᠨ ᠶᠡᠭᠡ ᠶᠠᠪᠤᠳᠠᠯ ᠪᠣᠯᠤᠨ᠎ᠠ᠂ ᠤᠶᠤᠨ ᠴᠢᠳᠠᠯ ᠢᠶᠠᠨ ᠲᠥᠪᠯᠡᠷᠡᠭᠦᠯᠵᠦ᠂ ᠨᠠᠷᠢᠨ ᠨᠢᠮᠪᠠᠢ ᠪᠡᠯᠡᠳᠬᠡᠵᠦ᠂ ᠬᠤᠭᠤᠴᠠᠭ᠎ᠠ ᠰᠣᠯᠢᠬᠤ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂  ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠢ ᠰᠠᠶᠢᠲᠤᠷ ᠬᠤᠷᠠᠯᠳᠤᠭᠤᠯᠬᠤ ᠳᠤ ᠰᠠᠶᠢᠨ ᠰᠠᠭᠤᠷᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ᠱᠠᠭᠠᠷᠳᠠᠭᠰᠠᠨ ᠨᠢ᠂  ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ ᠪᠣᠯᠤᠨ ᠡᠯ᠎ᠡ ᠲᠤᠰᠬᠠᠶ ᠺᠣᠮᠢᠰ ᠤᠨ ᠬᠢᠨ ᠵᠢᠯ ᠤᠨ ᠡᠴᠦᠰ ᠤᠨ ᠰᠡᠭᠦᠯ ᠬᠤᠷᠢᠶᠠᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠤ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠢᠯᠠᠩᠭᠤᠶ᠎ᠠ ᠬᠤᠷᠠᠯᠳᠤᠭᠠᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠬᠤᠷᠠᠯᠳᠤᠭᠠᠨ ᠤ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠲᠠᠯ᠎ᠠ ᠪᠠᠷ ᠬᠦᠴᠦ ᠲᠠᠯᠪᠢᠵᠤ᠂ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠶᠢ ᠴᠢᠩᠳᠠᠯᠠᠬᠤ᠂ ᠭᠡᠰᠢᠭᠦᠳ ᠢ ᠬᠥᠲᠥᠯᠥᠨ ᠵᠢᠯᠣᠭᠤᠳᠴᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠯ᠎ᠠ ᠪᠠᠷ ᠬᠦᠴᠦ ᠣᠷᠣᠭᠤᠯᠵᠤ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠢ ᠠᠷᠠᠳᠴᠢᠯᠠᠯ ᠲᠠᠢ᠂ ᠪᠦᠯᠬᠦᠮᠳᠡᠯ ᠲᠠᠢ᠂ ᠦᠨᠡᠨ ᠢ ᠪᠠᠷᠢᠮᠲᠠᠯᠠᠭᠰᠠᠨ᠂ ᠡᠷᠴᠢ ᠵᠣᠷᠢᠭ ᠢᠶᠠᠨ ᠬᠥᠪᠴᠢᠯᠡᠭᠰᠡᠨ ᠶᠡᠭᠡ ᠬᠤᠷᠠᠯ ᠪᠣᠯᠭᠠᠨ ᠬᠤᠷᠠᠯᠳᠤᠭᠤᠯᠬᠤ ᠪᠠᠷ ᠴᠢᠷᠮᠠᠶᠢᠬᠤ ᠬᠡᠷᠡᠭᠲᠡᠶ ᠭᠡᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号