ᠬᠠᠶᠢᠷᠤᠪ ᠤᠨ ᠲᠤᠬᠤᠢ ᠲᠣᠭᠤᠷᠢᠭ ᠤᠨ ᠡᠮᠡᠭᠲᠡᠶᠢᠴᠦᠳ ᠤᠨ ᠳᠣᠯᠣᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2021/12/14
     ᠤᠢᠢᠷ᠎ᠠ ᠶᠢᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠡᠮᠡᠭᠲᠡᠶᠢᠴᠦᠳ ᠤᠨ ᠳᠣᠯᠣᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠮᠵᠢᠯᠲᠠ ᠲᠠᠢ ᠲᠡᠭᠦᠰᠪᠡ᠃ ᠶᠡᠭᠡ ᠬᠤᠷᠠᠯ ᠤᠨ ᠬᠤᠭᠤᠴᠠᠭᠠᠨ ᠳᠤ᠂ ᠪᠦᠬᠦ ᠲᠥᠯᠥᠭᠡᠯᠡᠭᠴᠢᠳ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠴᠢᠩᠭ᠎ᠠ ᠬᠦᠴᠦᠲᠡᠢ ᠲᠡᠦᠬᠡᠨ ᠡᠭᠦᠷᠭᠡᠲᠦ ᠰᠡᠳᠬᠢᠯᠭᠡ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠡᠮᠡᠭᠲᠡᠶᠢᠴᠦᠳ ᠤᠨ ᠬᠤᠯᠪᠣᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
     ᠬᠤᠶᠢᠰᠢᠳᠠ ᠶᠢᠨ ᠲᠠᠪᠤᠨ ᠵᠢᠯ ᠳᠤ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ ᠡᠷᠭᠦᠵᠤ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠡᠮᠡᠭᠲᠡᠶᠢᠴᠦᠳ ᠪᠠ ᠡᠮᠡᠭᠲᠡᠶᠢᠴᠦᠳ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠵᠤ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠬᠤᠶᠠᠳᠤᠭᠠᠷ ᠶᠡᠭᠡ ᠬᠤᠷᠠᠯ᠂ ᠥᠪᠥᠷ ᠮᠣᠩᠭᠤᠯ ᠤᠨ ᠡᠮᠡᠭᠲᠡᠶᠢᠴᠦᠳ ᠤᠨ ᠠᠷᠪᠠᠨ ᠬᠤᠶᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ‍ᠤᠨ‌‍ᠲ᠋ᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠵᠤ᠂ ᠤᠯᠤᠰ ᠲᠦᠷᠦᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠤᠯᠠᠮ ᠴᠢᠨᠠᠭᠰᠢᠳᠠ ᠪᠠᠷᠢᠮᠲᠠᠯᠠᠨ ᠴᠢᠩᠭᠠᠳᠬᠠᠵᠤ᠂ ᠪᠦᠬᠦ ᠲᠤᠭᠤᠷᠢᠭ ᠤᠨ ᠥᠷᠭᠡᠨ ᠤᠯᠠᠨ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ ᠬᠠᠶᠢᠷᠤᠪ ᠤᠨ ᠲᠤᠬᠤᠢ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ᠂ ᠣᠳᠣᠬᠢᠴᠢᠯᠠᠭᠰᠠᠨ ᠥᠪᠥᠷ ᠮᠣᠩᠭᠤᠯ ᠢ ᠲᠦᠷᠭᠡᠨ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠦᠨ ᠬᠤᠤ᠂ ᠬᠠᠶᠢᠷᠤᠪ ᠤᠨ ᠲᠤᠬᠤᠢ ᠲᠣᠭᠤᠷᠢᠭ ᠤᠨ ᠥᠷᠭᠡᠨ ᠤᠯᠠᠨ ᠡᠮᠡᠭᠲᠡᠶᠢᠴᠦᠳ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ︔ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠪᠦᠳᠦᠭᠡᠨ ᠪᠠᠶᠢᠭᠤᠯᠤᠭᠴᠢ ᠪᠤᠯᠵᠤ᠂ ᠡᠮᠡᠭᠲᠡᠶᠢᠴᠦᠳ ᠤᠨ ᠲᠠᠪᠴᠠᠩ ᠤᠨ ᠠᠵᠤ ᠠᠬᠤᠢ᠂ ᠰᠦᠯᠵᠢᠶᠡᠨ ᠤ ᠤᠯᠠᠭᠠᠨ ᠠᠵᠤ ᠠᠬᠤᠢ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠠᠵᠤ ᠦᠢᠯᠡᠰ ᠤᠨ ᠰᠢᠨ᠎ᠡ ᠶᠢ ᠡᠭᠦᠳᠬᠦ ᠳᠠᠪᠠᠭᠤᠯᠢᠭ ᠢ ᠪᠠᠳᠠᠷᠠᠭᠤᠯᠵᠤ᠂ ᠨᠢᠭᠡ ᠪᠦᠯᠦᠭ ᠤᠨᠴᠠᠯᠢᠬᠳᠤ ᠲᠦᠷᠦᠯ ᠲᠡᠮᠳᠡᠭ ᠢ ᠡᠭᠦᠳᠬᠦ ᠬᠡᠷᠡᠭᠲᠡᠢ︔ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠪᠣᠯᠪᠠᠰᠤᠨ ᠬᠡᠪ ᠰᠤᠷᠲᠠᠯ ᠤᠨ ᠰᠠᠨᠠᠭᠠᠴᠢᠯᠠᠭᠴᠢ ᠪᠤᠯᠵᠤ᠂ ᠭᠡᠷ ᠪᠦᠯᠢ ᠶᠢᠨ ᠪᠣᠯᠪᠠᠰᠤᠨ ᠢ ᠪᠠᠶᠢᠭᠤᠯᠬᠤ᠂ ᠰᠠᠶᠢᠨ ᠰᠠᠶᠢᠬᠠᠨ ᠭᠡᠷ ᠤᠨ ᠰᠤᠷᠲᠠᠯ ᠢ ᠪᠤᠢ ᠪᠣᠯᠭᠠᠬᠤ ᠲᠠᠯ᠎ᠠ ᠪᠠᠷ ᠬᠢ ᠴᠢᠬᠤᠯᠠ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ︔ ᠳᠠᠷᠪᠠᠭᠤᠯ ᠬᠡᠶᠢᠰᠬᠡᠨ ᠰᠢᠨ᠎ᠡ ᠠᠶᠠᠯᠠᠯ ᠢᠶᠠᠨ ᠡᠬᠢᠯᠡᠭᠦᠯᠵᠦ᠂ ᠵᠣᠷᠢᠭᠲᠠᠢ ᠪᠠᠷ ᠬᠦᠰᠡᠯ ᠵᠡᠭᠦᠳᠦ ᠪᠠᠨ ᠬᠥᠭᠡᠭᠡᠴᠡᠯᠳᠦᠳᠡᠭ ᠲᠡᠮᠡᠴᠡᠭᠴᠢ ᠪᠤᠯᠵᠤ᠂ ᠥᠪᠡᠷ ᠢ ᠪᠠᠨ ᠬᠦᠨᠳᠦᠳᠬᠡᠬᠦ ᠥᠪᠡᠷ ᠢ ᠪᠠᠨ ᠢᠲᠡᠭᠡᠬᠦ ᠥᠪᠡᠷ ᠢ ᠪᠠᠨ ᠬᠦᠴᠦᠷᠬᠡᠭᠵᠢᠭᠦᠯᠬᠦ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠲᠤᠬᠠᠶᠢᠯᠠᠭᠰᠠᠨ ᠠᠵᠢᠯ ᠤᠨ ᠪᠠᠶᠢᠷᠢ ᠪᠠᠨ ᠴᠢᠷᠮᠠᠶᠢᠨ ᠲᠡᠮᠡᠴᠡᠬᠦ ᠲᠠᠪᠴᠠᠩ ᠪᠣᠯᠭᠠᠬᠤ ᠬᠡᠷᠡᠭᠲᠡᠢ ᠭᠡᠵᠠᠢ᠃    ᠬᠤᠷᠠᠯ ᠠᠴᠠ ︽ᠬᠠᠶᠢᠷᠤᠪ ᠤᠨ ᠲᠤᠬᠤᠢ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠵᠢᠷᠭᠤᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ︾᠎ ᠶᠢ ᠬᠢᠨᠠᠨ ᠵᠥᠪᠯᠡᠵᠦ ᠪᠠᠲᠤᠯᠠᠪᠠ᠂ ᠯᠸᠢ ᠶᠦᠨ ᠰᠢᠨ᠎ᠡ ᠨᠢᠭᠡ ᠬᠤᠭᠤᠴᠠᠭᠠᠨ ᠤ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠪᠠᠷ ᠰᠣᠩᠭᠤᠭᠳᠠᠵᠤ᠂ ᠸᠠᠩ ᠶᠠ ᠫᠢᠩ ᠳᠡᠳ᠋ ᠲᠡᠷᠢᠭᠦᠯᠡᠭᠴᠢ ᠪᠠᠷ ᠰᠣᠩᠭᠤᠭᠳᠠᠪᠠ᠃ ᠬᠤᠷᠠᠯ ᠠᠴᠠ ᠪᠠᠰᠠ ᠪᠠᠢ ᠰᠢᠤᠸᠠᠢ᠂ ᠠᠨ ᠯᠢ ᠵᠧᠨ᠂ ᠶᠠᠩ ᠬᠠᠢ ᠱᠧᠩ᠂ ᠬᠤᠤ ᠰᠢᠶᠠ ᠶᠢ ᠲᠤᠰᠢᠶᠠᠯ ᠬᠠᠪᠰᠤᠷᠭᠠᠭᠰᠠᠨ ᠳᠡᠳ᠋ ᠲᠡᠷᠢᠭᠦᠯᠡᠭᠴᠢ᠂ ᠰᠦᠨ ᠷᠦᠢ ᡁᠢ ᠶᠢ ᠲᠤᠰᠢᠶᠠᠯ ᠡᠭᠦᠷᠭᠡᠯᠡᠭᠰᠡᠨ ᠳᠡᠳ᠋ ᠲᠡᠷᠢᠭᠦᠯᠡᠭᠴᠢ ᠵᠢᠴᠢ 15 ᠪᠠᠶᠢᠩᠭᠤ ᠶᠢᠨ ᠭᠡᠰᠢᠭᠦᠨ ᠢ ᠰᠣᠩᠭᠤᠨ ᠭᠠᠷᠭᠠᠪᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号