2021 ᠣᠨ ᠤ 12 ᠰᠠᠷ᠎ᠠ ᠶᠢᠨ 13 ᠤ ᠡᠳᠦᠷ ᠪᠣᠯ ᠨᠠᠨᠵᠢᠩ ᠤᠨ ᠶᠡᠭᠡ ᠬᠢᠳᠤᠯᠭ᠎ᠠ ᠳᠤ | ᠬᠤᠣᠷᠯᠠᠭᠳᠠᠭᠰᠠᠳ ᠤᠨ ᠨᠠᠢᠮᠠᠳᠤᠭᠠᠷ ᠤᠯᠤᠰ ᠤᠨ ᠨᠡᠶᠢᠲᠡ ᠶᠢᠨ ᠲᠠᠬᠢᠯᠭ᠎ᠠ ᠶᠢᠨ ᠡᠳᠦᠷ ᠪᠣᠯᠤᠨ᠎ᠠ᠂ ᠳᠤᠮᠳᠠᠳᠤ | ᠤᠯᠤᠰ ᠤᠨ ᠬᠥᠮᠦᠨ ᠨᠢᠭᠡᠪᠦᠷᠢ ᠡᠨᠡ ᠡᠳᠦᠷ ᠢ ᠪᠠᠲᠤ ᠴᠡᠭᠡᠵᠢᠯᠡᠵᠦ᠂ ᠠᠬ᠎ᠠ ᠳᠡᠭᠦᠦ ᠨᠡᠷ ᠢᠶᠠᠨ ᠳᠤᠷᠠᠰᠤᠨ | ᠰᠠᠨᠠᠭᠠᠯᠵᠠᠵᠤ᠂ ᠡᠩᠬᠡ ᠲᠠᠶᠢᠪᠤᠩ ᠢ ᠬᠦᠰᠡᠨ ᠳᠠᠭᠠᠳᠬᠠᠪᠠᠯ ᠵᠣᠬᠢᠨ᠎ᠠ᠃ ᠲᠦᠷᠢᠮᠡᠬᠡᠶᠢᠯᠡᠭᠴᠢᠳ ᠤᠨ ᠳᠤᠮᠳᠠᠳᠤ ᠶᠢᠨ | ᠦᠨᠳᠦᠰᠦᠲᠡᠨ ᠳᠤ ᠤᠴᠠᠷᠠᠭᠤᠯᠤᠭᠰᠠᠨ ᠬᠦᠨᠳᠦ ᠬᠡᠴᠡᠭᠦᠦ ᠭᠠᠶ ᠭᠠᠮᠰᠢᠭ ᠢ ᠪᠠᠲᠤ ᠴᠡᠭᠡᠵᠢᠯᠡᠵᠦ᠂ ᠬᠠᠷᠢᠶ᠎ᠠ | ᠣᠷᠣᠨ ᠤ ᠪᠠᠨ ᠰᠠᠭᠤᠭᠠᠯᠢ ᠠᠷᠠᠳ ᠤᠨ ᠡᠩᠭᠡ ᠲᠠᠶᠢᠪᠤᠩ ᠢ ᠬᠠᠶᠢᠷᠠᠯᠠᠬᠤ᠂ ᠲᠦᠷᠢᠮᠡᠬᠡᠶᠢᠯᠡᠯ ᠢ ᠡᠰᠡᠷᠭᠦᠴᠡᠬᠦ᠂ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠤᠯᠤᠰ ᠣᠷᠣᠨ ᠤ ᠬᠠᠶᠢᠷ᠎ᠠ ᠰᠡᠳᠬᠢᠯᠭᠡ ᠶᠢ | ᠬᠥᠭᠵᠢᠭᠡᠬᠦ ᠶᠢᠨ ᠲᠥᠯᠥᠭᠡ ᠶᠤᠮ᠃ | | |  12 ᠰᠠᠷ᠎ᠠ ᠶᠢᠨ 13 ᠤ ᠡᠳᠦᠷ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠡᠯ᠎ᠡ ᠨᠡᠶᠢᠭᠡᠮ | ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠷᠳᠡᠭᠡ ᠰᠦᠯᠵᠢᠶᠡᠨ ᠳᠡᠭᠡᠷᠡᠬᠢ ᠲᠠᠬᠢᠯᠭ᠎ᠠ ᠶᠢᠨ | ᠠᠵᠢᠯᠯᠠᠭ᠎ᠠ ᠥᠷᠨᠢᠭᠦᠯᠵᠦ᠂ ᠡᠯ᠎ᠡ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ᠂ ᠰᠠᠭᠤᠭᠠᠯᠢ ᠠᠷᠠᠳ ᠤᠨ | ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ︽ᠤᠯᠤᠰ ᠤᠨ ᠨᠡᠶᠢᠲᠡ ᠶᠢᠨ ᠲᠠᠬᠢᠯᠭ᠎ᠠ ᠶᠢᠨ ᠡᠳᠦᠷ︾ ᠤᠨ | ᠤᠬᠠᠭᠤᠯᠭ᠎ᠠ ᠶᠢᠨ ᠹᠢᠯᠢᠮ ︽ᠳᠤᠮᠳᠠᠳᠤ ᠤᠯᠤᠰ ᠤᠨ ᠶᠠᠫᠣᠨ ᠢ ᠡᠰᠡᠷᠭᠦᠴᠡᠬᠦ ᠳᠠᠶᠢᠨ ᠤ ᠲᠡᠦᠬᠡ ᠶᠢᠨ ᠡᠷᠭᠢᠴᠡᠭᠦᠯᠦᠯ︾ | ᠢ ᠰᠣᠨᠢᠷᠬᠠᠭᠤᠯᠪᠠ᠃ | | ᠡᠨᠡ ᠤᠳᠠᠭ᠎ᠠ ᠶᠢᠨ ᠠᠵᠢᠯᠯᠠᠭ᠎ᠠ ᠨᠢ ᠥᠷᠭᠡᠨ ᠤᠯᠠᠨ ᠰᠠᠭᠤᠭᠠᠯᠢ ᠠᠷᠠᠳ ᠲᠤ ᠦᠨᠳᠦᠰᠦᠲᠡᠨ ᠤ ᠭᠠᠰᠠᠯᠠᠩ | ᠵᠣᠪᠠᠯᠠᠩ ᠢ ᠦᠯᠦ ᠮᠠᠷᠲᠠᠬᠤ᠂ ᠲᠡᠦᠬᠡ ᠶᠢᠨ ᠭᠤᠨᠢᠭᠲᠤ ᠵᠦᠴᠦᠭᠡ ᠶᠢ ᠦᠯᠦ ᠮᠠᠷᠲᠠᠬᠤ ᠶᠢ ᠰᠡᠷᠡᠮᠵᠢᠯᠡᠭᠦᠯᠬᠦ ᠶᠢᠨ | ᠬᠠᠮᠲᠤ᠂ ᠥᠨᠥᠳᠦᠷ ᠤᠨ ᠡᠩᠬᠡ ᠲᠠᠶᠢᠪᠤᠩ ᠪᠣᠯᠤᠨ ᠵᠣᠯ ᠵᠢᠷᠭᠠᠯᠲᠤ ᠠᠮᠢᠳᠤᠷᠠᠯ ᠢᠶᠠᠨ ᠨᠠᠨᠳᠢᠩᠨᠠᠵᠤ᠂ ᠲᠡᠦᠬᠡ ᠶᠢ | ᠪᠠᠲᠤ ᠴᠡᠭᠡᠵᠢᠯᠡᠵᠦ᠂ ᠢᠴᠢᠭᠦᠷᠢ ᠭᠤᠲᠤᠮᠰᠢᠭ ᠢ ᠪᠠᠲᠤ ᠴᠡᠭᠡᠵᠢᠯᠡᠵᠦ᠂ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ᠃ ᠡᠭᠦᠨ ᠤ ᠬᠠᠮᠲᠤ ᠬᠥᠮᠦᠰ ᠤᠨ | ᠡᠬᠡ ᠣᠷᠣᠨᠴᠢ ᠬᠠᠯᠠᠭᠤᠨ ᠰᠡᠳᠬᠢᠯᠭᠡ ᠪᠠ ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ | ᠴᠢᠩᠭᠠᠳᠬᠠᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢ ᠬᠥᠲᠥᠯᠥᠨ ᠵᠢᠯᠣᠭᠤᠳᠴᠤ᠂ ᠡᠬᠡ ᠣᠷᠣᠨᠴᠢ | ᠢᠲᠡᠭᠡᠯ ᠵᠣᠷᠢᠭ ᠢᠶᠠᠨ ᠪᠠᠲᠤᠳᠬᠠᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠵᠡᠭᠦᠳᠦ ᠶᠢ ᠲᠡᠷᠭᠡᠯᠰᠢᠭᠦᠯᠬᠦ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃ | | |