ᠬᠠᠶᠢᠷᠤᠪ ᠤᠨ ᠲᠤᠬᠤᠢ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ︽ᠬᠠᠤᠯᠢ ᠶᠢ ᠲᠠᠷᠢᠶᠠᠯᠠᠬᠤ ᠣᠷᠣᠨ ᠳᠤ ᠬᠦᠷᠭᠡᠬᠦ︾ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/12/15
    ᠤᠢᠢᠷ᠎ᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠴᠡᠭᠡᠯ ᠠᠭᠤᠯᠠ ᠪᠠᠯᠭᠠᠰᠤᠨ ᠳᠤ ︽ᠬᠠᠤᠯᠢ ᠶᠢ ᠲᠠᠷᠢᠶᠠᠯᠠᠬᠤ ᠣᠷᠣᠨ ᠳᠤ ᠬᠦᠷᠭᠡᠬᠦ︾ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ᠃     ᠠᠵᠢᠯᠯᠠᠭᠠᠨ ᠤ ᠳᠤᠮᠳᠠ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠴᠢᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠥᠨᠳᠡᠯᠡᠨ ᠪᠢᠴᠢᠭᠡᠰᠦ ᠡᠯᠭᠦᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠥᠷᠭᠡᠨ ᠣᠯᠠᠨ ᠲᠦᠮᠡᠨ ᠳᠤ ︽ᠢᠷᠭᠡᠨ ᠤ ᠬᠠᠤᠯᠢ ᠶᠢᠨ ᠪᠢᠴᠢᠭ︾᠂ ︽ᠬᠥᠳᠡᠯᠮᠦᠷᠢ ᠶᠢᠨ ᠬᠠᠤᠯᠢ︾᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠠᠭᠤᠯᠭ᠎ᠠ ᠶᠢ ᠤᠬᠠᠭᠤᠯᠵᠤ᠂ ᠲᠡᠷᠡᠴᠢᠯᠡᠨ ᠡᠳᠦᠷ ᠲᠤᠳᠤᠮ ᠤᠨ ᠲᠣᠬᠢᠶᠠᠯᠳᠤᠬᠤ ᠬᠠᠤᠯᠢ ᠴᠠᠭᠠᠵᠠ ᠶᠢᠨ ᠠᠰᠠᠭᠤᠳᠠᠯ ᠤᠨ ᠲᠣᠭᠤᠷᠢᠨ ᠳᠤ᠂ ᠳᠡᠷᠭᠡᠳᠡᠬᠢ ᠬᠥᠮᠦᠰ᠂ ᠳᠡᠷᠭᠡᠳᠡᠬᠢ ᠬᠡᠷᠡᠭ ᠶᠠᠪᠤᠳᠠᠯ ᠢ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠬᠢᠵᠦ᠂ ᠲᠠᠷᠢᠶᠠᠯᠠᠬᠤ ᠣᠷᠣᠨ ᠤ ᠤᠯᠠᠨ ᠲᠦᠮᠡᠨ ᠳᠤ ᠨᠢᠭᠡ ᠤᠳᠠᠭᠠᠨ ᠤ ᠰᠡᠯᠡᠭᠦᠴᠡᠯ᠂ ᠬᠠᠤᠯᠢ ᠰᠤᠷᠤᠯᠴᠠᠬᠤ᠂ ᠵᠤᠭ᠎ᠠ ᠴᠡᠩᠭᠡᠯ ᠢ ᠨᠢᠭᠡ ᠴᠤᠭᠴᠠᠵᠢᠭᠤᠯᠤᠭᠰᠠᠨ ︽ᠬᠠᠤᠯᠢᠵᠢᠯ ᠤᠨ ᠰᠣᠶᠣᠯ ᠤᠨ ᠲᠠᠩᠰᠤᠭ ᠬᠤᠭᠤᠯᠠ︾ ᠬᠠᠩᠭᠠᠵᠠᠢ᠃ ᠡᠭᠦᠨ ᠤ ᠵᠡᠷᠭᠡᠴᠡᠭᠡᠪᠡᠷ᠂ ᠥᠷᠭᠡᠨ ᠤᠯᠠᠨ ᠲᠦᠮᠡᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ︽ᠢᠷᠭᠡᠨ ᠤ ᠬᠠᠤᠯᠢ ᠶᠢᠨ ᠪᠢᠴᠢᠭ︾ ᠪᠣᠯ ᠲᠤᠰ ᠪᠡᠶ᠎ᠡ ᠶᠢᠨ ᠡᠷᠬᠡ ᠠᠰᠢᠭ ᠢᠶᠠᠨ ᠬᠠᠮᠠᠭᠠᠯᠠᠬᠤ ᠬᠠᠤᠯᠢ ᠶᠢᠨ ᠪᠢᠴᠢᠭ ᠮᠥᠨ ᠪᠥᠭᠡᠳ ᠪᠠᠰᠠ ᠴᠤ ᠨᠡᠶᠢᠭᠡᠮ ᠤᠨ ᠪᠦᠬᠦ ᠪᠦᠷᠢᠯᠳᠦᠬᠦᠨ ᠤ ᠡᠷᠬᠡᠪᠰᠢ ᠵᠢᠷᠤᠮᠯᠠᠬᠤ ᠬᠡᠷᠡᠭᠲᠡᠶ ᠵᠢᠷᠤᠮᠵᠢᠯ ᠮᠥᠨ ᠭᠡᠳᠡᠭ ᠢ ᠲᠠᠨᠢᠭᠤᠯᠵᠤ᠂ ᠤᠬᠠᠮᠰᠠᠷ ᠠᠴᠠ ᠪᠠᠨ ᠬᠠᠤᠯᠢ ᠶᠢ ᠰᠠᠬᠢᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠤᠡᠪᠤᠷᠢᠯᠡᠬᠦ ᠳᠤ ᠬᠠᠤᠯᠢ ᠳᠤ ᠲᠦᠰᠢᠭᠯᠡᠬᠦ ᠤᠬᠠᠮᠰᠠᠷ ᠪᠠ ᠳᠠᠳᠬᠠᠯ ᠲᠠᠢ ᠪᠣᠯᠭᠠᠬᠤ ᠬᠡᠷᠡᠭᠲᠡᠶ᠃    ᠳᠠᠷᠠᠭ᠎ᠠ ᠶᠢᠨ ᠠᠯᠬᠤᠮ ᠳᠤ᠂ ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ︽ᠬᠠᠤᠯᠢ ᠶᠢ ᠲᠠᠷᠢᠶᠠᠯᠠᠬᠤ ᠣᠷᠣᠨ ᠳᠤ ᠬᠦᠷᠭᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠡᠷᠡᠭ ᠢᠶᠠᠷ ᠬᠠᠤᠯᠢ ᠶᠢ ᠶᠠᠷᠢᠬᠤ᠂ ᠬᠡᠷᠡᠭ ᠢᠶᠠᠷ ᠬᠠᠤᠯᠢ ᠶᠢ ᠤᠬᠠᠭᠤᠯᠬᠤ᠂ ᠬᠡᠷᠡᠭ ᠢᠶᠠᠷ ᠬᠠᠤᠯᠢ ᠶᠢ ᠲᠦᠭᠡᠮᠡᠯᠵᠢᠭᠦᠯᠬᠦ ᠶᠢ ᠪᠠᠷᠢᠮᠲᠠᠯᠠᠵᠤ᠂ ᠤᠯᠠᠨ ᠲᠦᠮᠡᠨ ᠤ ᠠᠮᠠᠷᠬᠠᠨ ᠬᠦᠯᠢᠶᠡᠨ ᠠᠪᠬᠤ ᠬᠡᠯᠪᠡᠷᠢ ᠪᠠᠷ ᠬᠡᠷᠬᠢᠨ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠤᠴᠢᠷ ᠶᠠᠪᠤᠳᠠᠯ ᠰᠢᠢᠳᠪᠦᠷᠢᠯᠡᠬᠦ ᠳᠤ ᠬᠠᠤᠯᠢ ᠶᠢ ᠲᠦᠰᠢᠭᠯᠡᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ ᠶᠢ ᠲᠠᠶᠢᠯᠪᠤᠷᠢᠯᠠᠵᠤ᠂ ᠤᠯᠠᠨ ᠲᠦᠮᠡᠨ ᠤ ︽ᠢᠷᠭᠡᠨ ᠤ ᠬᠠᠤᠯᠢ ᠶᠢᠨ ᠪᠢᠴᠢᠭ︾᠎ ᠢ ᠬᠡᠷᠡᠭᠯᠡᠨ ᠠᠰᠠᠭᠤᠳᠠᠯ ᠢ ᠰᠢᠢᠳᠪᠦᠷᠢᠯᠡᠬᠦ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠠᠤᠯᠢᠵᠢᠯ ᠤᠨ ᠰᠣᠶᠣᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号