ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠳᠤ ᠭᠠᠷᠬᠤ ᠠᠴᠠ ᠡᠮᠦᠨᠡᠬᠢ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/15
     ᠤᠢᠢᠷ᠎ᠠ ᠳᠤ᠂ ᠬᠠᠶᠢᠷᠤᠪ ᠤᠨ ᠳᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠳᠤ ᠭᠠᠷᠬᠤ ᠠᠴᠠ ᠡᠮᠦᠨᠡᠬᠢ ᠪᠣᠯᠪᠠᠰᠤᠷᠠᠯ ᠤᠨ ᠬᠤᠷᠠᠯ ᠲᠣᠭᠤᠷᠢᠭ ᠤᠨ ᠵᠠᠰᠠᠭ ᠤᠨ ᠣᠷᠳᠣᠨ ᠤ ᠶᠣᠰᠣᠯᠠᠯ ᠎ ᠤᠨ ᠲᠠᠩᠬᠢᠮ  ᠳᠤ ᠶᠠᠪᠤᠭᠳᠠᠵᠤ᠂ ᠰᠢᠨ᠎ᠡ ᠪᠠᠷ ᠰᠣᠩᠭᠤᠭᠳᠠᠭᠰᠠᠨ ᠲᠣᠭᠤᠷᠢᠭ ᠤᠨ ᠳᠡᠰ ᠤᠨ 186 ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠤᠰᠢᠶᠠᠯ ᠳᠤ ᠭᠠᠷᠬᠤ ᠠᠴᠠ ᠡᠮᠦᠨᠡᠬᠢ ᠪᠣᠯᠪᠠᠰᠤᠷᠠᠯ ᠳᠤ ᠣᠷᠣᠯᠴᠠᠪᠠ᠃
    ᠪᠠᠭᠰᠢ ᠨᠠᠷ ᠢ ︽ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ︾᠎ ᠪᠠᠷ ᠭᠤᠣᠯ ᠰᠡᠳᠦᠪ ᠪᠣᠯᠭᠠᠨ ᠪᠣᠯᠪᠠᠰᠤᠷᠠᠭᠤᠯᠵᠤ᠂ ᠠᠭᠤᠯᠭ᠎ᠠ ᠨᠢ ᠭᠤᠣᠯᠳᠠᠭᠤ ᠦᠨᠳᠦᠰᠦᠨ ᠬᠠᠤᠯᠢ᠂ ᠣᠷᠣᠨ ᠨᠤᠲᠤᠭ ᠤᠨ ᠵᠣᠬᠢᠶᠠᠨ ᠪᠠᠶᠢᠭᠤᠯᠬᠤ ᠬᠠᠤᠯᠢ᠂ ᠲᠥᠯᠥᠭᠡᠯᠡᠭᠴᠢ ᠶᠢᠨ ᠬᠠᠤᠯᠢ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠤᠷᠢᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠢᠴᠢ ᠵᠥᠪᠯᠡᠯᠭᠡ ᠪᠠ ᠰᠠᠨᠠᠭᠤᠯᠭ᠎ᠠ ᠶᠢ ᠬᠡᠷᠬᠢᠨ ᠪᠢᠴᠢᠬᠦ ᠵᠡᠷᠭᠡ ᠮᠡᠳᠡᠯᠭᠡ ᠶᠢ ᠲᠠᠶᠢᠯᠪᠤᠷᠢᠯᠠᠨ ᠶᠠᠷᠢᠵᠤ᠂ ᠡᠭᠦᠪᠡᠷ ᠰᠢᠨ᠎ᠡ ᠪᠠᠷ ᠰᠣᠩᠭᠤᠭᠳᠠᠭᠰᠠᠨ ᠲᠥᠯᠥᠭᠡᠯᠡᠭᠴᠢᠳ ᠤᠨ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠢ ᠬᠤᠯᠪᠣᠭᠳᠠᠬᠤ ᠮᠡᠳᠡᠯᠭᠡ ᠶᠢ ᠲᠦᠷᠭᠡᠬᠡᠨ ᠤᠢᠢᠯᠠᠭᠠᠨ ᠡᠵᠡᠮᠰᠢᠬᠦ ᠳᠤᠨᠢ ᠬᠠᠪᠰᠤᠷᠴᠤ᠂ ᠲᠡᠳᠡᠨ ᠢ ᠬᠠᠪᠰᠤᠷᠤᠨ ᠠᠯᠢ ᠲᠦᠷᠭᠡᠨ ᠢᠶᠠᠷ ᠳᠦᠷᠢ ᠳᠤ ᠣᠷᠣᠵᠤ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠳᠤᠨᠢ ᠬᠠᠪᠰᠤᠷᠤᠨ᠎ᠠ᠃    ᠬᠤᠷᠠᠯ ᠠᠴᠠ᠂ ᠲᠤᠭᠤᠷᠢᠭ ᠤᠨ ᠲᠡᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 186 ᠬᠥᠮᠦᠨ ᠪᠠᠶᠢᠵᠤ᠂ ᠳᠤᠮᠳᠠᠴᠢ ᠪᠠᠷ ᠬᠥᠮᠦᠨ ᠪᠦᠷᠢ ᠴᠥᠮ 1400 ᠭᠠᠷᠤᠢ ᠠᠷᠠᠳ ᠤᠯᠠᠨ ᠢ ᠲᠥᠯᠥᠭᠡᠯᠡᠵᠦ᠂ ᠤᠯᠤᠰ ᠤᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠪᠣᠯᠤᠨ ᠡᠷᠬᠡ ᠶᠢ ᠡᠭᠦᠷᠭᠡᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠭᠠᠵᠠᠷ ᠣᠷᠣᠨ᠂ ᠡᠯ᠎ᠡ ᠠᠵᠢᠯ ᠲᠦᠷᠦᠯ ᠳᠤ ᠲᠠᠷᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠪᠣᠯᠤᠨ᠎ᠠ᠃ ᠲᠥᠯᠥᠭᠡᠯᠡᠭᠴᠢᠳ ᠰᠤᠷᠤᠯᠴᠠᠯᠭ᠎ᠠ ᠪᠣᠯᠪᠠᠰᠤᠷᠠᠯ ᠢᠶᠠᠨ ᠴᠢᠩᠭᠠᠳᠬᠠᠵᠤ᠂ ᠶᠡᠷᠦᠩᠬᠡᠶᠢᠯᠡᠭᠰᠡᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ︔ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠬᠤ ᠬᠡᠷᠡᠭᠲᠡᠶ︔ ᠰᠠᠬᠢᠯᠭ᠎ᠠ ᠪᠠᠲᠤ ᠬᠠᠤᠯᠢ ᠴᠠᠭᠠᠵᠠ ᠶᠢ ᠴᠢᠩᠭ᠎ᠠ ᠵᠢᠷᠤᠮᠯᠠᠨ ᠰᠠᠬᠢᠵᠤ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠬᠦ ᠬᠡᠷᠡᠭᠲᠡᠶ︔ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠥᠯᠥᠭᠡᠯᠡᠭᠴᠢᠳ ᠤᠨ ᠦᠢᠯᠡᠳᠦᠯ ᠢ ᠪᠠᠳᠠᠷᠠᠭᠤᠯᠬᠤ ᠶᠢ ᠴᠢᠩᠭᠠᠳᠬᠠᠬᠤ ᠬᠡᠷᠡᠭᠲᠡᠢ ᠭᠡᠵᠠᠢ᠃    ᠲᠣᠰ ᠤᠳᠠᠭᠠᠨ ᠤ ᠪᠣᠯᠪᠠᠰᠤᠷᠠᠭᠤᠯᠤᠯ ᠨᠢ ᠰᠢᠨ᠎ᠡ ᠪᠠᠷ ᠰᠣᠩᠭᠤᠭᠳᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ‌‍ᠭᠦ᠋ᠢᠴᠡᠤᠡᠭᠡᠬᠦ ᠤᠬᠠᠮᠰᠠᠷ ᠢ ᠴᠢᠩᠭᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠤᠡᠭᠡᠬᠦ ᠴᠢᠳᠠᠪᠤᠷᠢ ᠶᠢ ᠳᠡᠭᠡᠭᠰᠢᠯᠡᠭᠦᠯᠵᠦ ᠂ ᠠᠷᠠᠳ ᠤᠨ ᠲᠥᠯᠥᠭᠡᠯᠡᠭᠴᠢᠳ ᠤᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠨᠠᠩ ᠰᠠᠶᠢᠨ ᠬᠤᠷᠢᠶᠠᠨ ᠴᠤᠭᠯᠠᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠤ ᠰᠠᠶᠢᠲᠤᠷ ᠪᠡᠯᠡᠳᠬᠡᠯ ᠬᠢᠬᠦ ᠳᠤ ᠠᠰᠢᠭᠲᠠᠶ ᠶᠤᠮ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号