ᠣᠯᠠᠨ ᠰᠠᠯᠠᠭ᠎ᠠ ᠮᠥᠴᠢᠷ ᠬᠠᠮᠲᠤᠷᠠᠨ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ ︽ᠬᠤᠶᠠᠷ ᠢ ᠬᠦᠩᠭᠡᠷᠡᠭᠦᠯᠬᠦ︾ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠳᠥᠯᠭᠢᠨ ᠠᠬᠢᠭᠤᠯᠪᠠ
ᠨᠡᠶᠢᠲᠡᠯᠡᠭᠰᠡᠨ ᠴᠠᠭ᠄
2021/12/15
     ︽ᠬᠤᠶᠠᠷ ᠢ ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠬᠠᠶᠢᠷᠤᠪ ᠤᠨ   ᠲᠤᠬᠤᠢ ᠲᠣᠭᠤᠷᠢᠭ ᠤᠨ ᠬᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠠᠰᠠᠯᠲᠠ ᠶᠢ ᠶᠡᠬᠡᠪᠡᠷ ᠳᠥᠯᠭᠢᠨ ᠠᠬᠢᠭᠤᠯᠵᠤ᠂ ᠪᠥᠬᠦ ᠲᠤᠭᠤᠷᠢᠭ ᠤᠨ ︽ᠬᠤᠶᠠᠷ ᠢ ᠬᠦᠩᠭᠡᠷᠡᠭᠦᠯᠬᠦ︾ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠬᠤᠶᠠᠷ ᠢ ᠬᠦᠩᠭᠡᠷᠡᠭᠦᠯᠬᠦ︾ ᠠᠵᠢᠯ ᠤᠨ ᠡᠮᠦᠨᠡᠬᠢ ᠨᠢᠭᠡ ᠱᠠᠲᠤᠨ ᠤ ᠦᠷ᠎ᠡ ᠪᠦᠲᠦᠭᠡᠯ ᠢ ᠪᠠᠬᠢᠵᠢᠭᠦᠯᠬᠦ ᠵᠢᠴᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠭᠢᠯᠡᠬᠦ ᠶᠢ ᠵᠢᠷᠤᠮᠵᠢᠭᠤᠯᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠲᠤᠷᠠᠭᠰᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠳᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠤᠰᠬᠠᠶ ᠴᠡᠭᠴᠡᠯᠡᠨ ᠵᠠᠰᠠᠬᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠥᠷᠨᠢᠭᠦᠯᠪᠡ᠃      ᠲᠣᠰ ᠤᠳᠠᠭᠠᠨ ᠤ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠳᠤ ᠭᠤᠤᠯᠳᠠᠭᠤ ᠤᠷᠠᠯᠢᠭ ᠤᠨ ᠲᠥᠷᠥᠯ᠂ ᠪᠡᠶ᠎ᠡ ᠶᠢᠨ ᠲᠠᠮᠢᠷ ᠤᠨ ᠲᠥᠷᠥᠯ ᠵᠢᠴᠢ ᠰᠢᠨ᠎ᠡ ᠪᠠᠷ ᠡᠷᠭᠢᠯᠡᠬᠦ ᠪᠠᠷ ᠭᠤᠶᠤᠴᠢᠯᠠᠬᠤ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠬᠠᠨᠳᠤᠭᠤᠯᠤᠨ᠂ ᠠᠮᠤᠷ ᠲᠦᠪᠰᠢᠨ ᠤ ᠳᠠᠯᠳᠠ ᠬᠡᠮ᠂ ᠰᠤᠷᠭᠠᠭᠤᠯᠢ ᠡᠷᠭᠢᠯᠡᠬᠦ ᠭᠠᠷ ᠭᠦᠢᠴᠡᠤᠡᠭᠡᠯ ᠨᠢ ᠬᠢᠷᠢ ᠲᠡᠩᠴᠡᠭᠰᠡᠨ ᠥᠬᠡᠶ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠬᠦᠷᠦᠯᠴᠡᠬᠦ ᠥᠬᠡᠶ᠂ ᠭᠡᠷ᠎ᠡ ᠠᠴᠠ ᠵᠥᠷᠢᠴᠡᠭᠰᠡᠨ᠂ ᠵᠠᠷ ᠤᠨ ᠲᠣᠭᠲᠠᠭᠠᠯ ᠠᠴᠠ ᠵᠥᠷᠢᠴᠡᠭᠰᠡᠨ ᠤᠬᠠᠭᠤᠯᠭ᠎ᠠ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠤᠶᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠨ ᠰᠢᠢᠤᠡᠪᠤᠷᠢᠯᠡᠨ᠎ᠡ᠃ ᠰᠢᠪᠠᠳᠠᠨ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠨᠢ᠂ ᠬᠡᠰᠡᠭ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠪᠠᠭᠰᠢ ᠶᠢᠨ ᠬᠢᠷᠢ ᠬᠡᠮ᠂ ᠬᠤᠯᠪᠣᠭᠳᠠᠯ ᠪᠥᠬᠦᠶ ᠦᠨᠡᠮᠯᠡᠯ ᠵᠢᠴᠢ ᠰᠤᠶᠢᠤᠡᠭᠡᠯ ᠬᠤᠷᠢᠶᠠᠬᠤ ᠪᠠᠷᠢᠮᠵᠢᠶ᠎ᠠ ᠶᠢ ᠴᠥᠮ ᠢᠯᠡ ᠲᠣᠳᠣ ᠪᠠᠶᠢᠷᠢᠨ ᠳᠤ ᠲᠠᠯᠪᠢᠵᠤ ᠵᠠᠷᠯᠠᠨ ᠨᠡᠶᠢᠲᠡᠯᠡᠭᠰᠡᠨ ᠥᠬᠡᠶ᠂ ᠵᠠᠷᠢᠮ ᠪᠠᠶᠢᠭᠤᠯᠤᠮᠵᠢ ᠪᠠᠰᠠ ᠨᠠᠭᠠᠵᠤ ᠨᠡᠶᠢᠲᠡᠯᠡᠭᠰᠡᠨ ᠵᠠᠷ ᠮᠡᠳᠡᠭᠡ ᠪᠠᠨ ᠨᠤᠷᠠᠭᠠᠭᠠᠳᠤᠶ᠂ ᠣᠳᠣᠬᠠᠨ ᠳᠤ ᠨᠢᠭᠡᠨᠲᠡ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠠᠰᠠᠭᠤᠳᠠᠯ ᠣᠷᠣᠰᠢᠵᠤ ᠪᠠᠶᠢᠭ᠎ᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠠᠷᠯᠢᠭᠳᠠᠵᠤ ᠪᠠᠶᠢᠭᠠᠳ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠪᠠᠷ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠭᠤᠷᠢᠭ ᠲᠣᠭᠤᠷᠢᠭ ᠤᠨ ᠬᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠰᠠᠯᠠᠭ᠎ᠠ ᠮᠥᠴᠢᠷ ᠠᠯᠤᠰᠯᠠᠨ ᠬᠠᠮᠲᠤᠷᠠᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠲᠣᠭᠲᠠᠭᠠᠯ ᠢ ᠵᠥᠷᠢᠴᠡᠨ ᠰᠤᠷᠭᠠᠭᠤᠯᠢ ᠡᠷᠬᠢᠯᠡᠭᠰᠡᠨ ᠪᠠᠶᠢᠭᠤᠯᠤᠮᠵᠢ ᠶᠢ ᠢᠯᠡᠷᠡᠭᠦᠯᠪᠡᠯ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠡᠭᠦᠨ ᠤ ᠬᠠᠮᠲᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠥᠳᠡᠯᠦᠯ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠬᠠᠮᠢᠶ᠎ᠠ ᠪᠥᠬᠦᠶ ᠡᠬᠡ ᠲᠠᠩᠰᠠ ᠪᠠᠶᠢᠭᠤᠯᠤᠨ᠂ ︽ᠬᠤᠶᠠᠷ ᠢ ᠬᠦᠩᠭᠡᠷᠡᠭᠦᠯᠬᠦ︾ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号