ᠬᠠᠶᠢᠷᠤᠪ ᠤᠨ ᠲᠤᠬᠤᠢ ᠲᠣᠭᠤᠷᠢᠭ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠪᠠ
ᠨᠡᠶᠢᠲᠡᠯᠡᠭᠰᠡᠨ ᠴᠠᠭ᠄
2021/12/16
     ᠤᠢᠢᠷ᠎ᠠ ᠶᠢᠨ ᠡᠳᠦᠷ ᠤᠳ ᠲᠤ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠨᠢᠭᠡᠴᠡ ᠶᠢᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠤᠯᠠᠨ ᠵᠦᠢᠯ ᠤᠨ ᠬᠡᠯᠪᠡᠷᠢ ᠪᠠᠷ ᠨᠠᠮ ᠤᠨ ᠭᠡᠰᠢᠭᠦᠨ ᠺᠠᠳ᠋ᠷ᠂ ᠠᠵᠢᠯᠳᠠᠨ ᠠᠵᠢᠯᠴᠢᠨ ᠢ ᠥᠷᠭᠡᠨ ᠢᠶᠠᠷ ᠵᠣᠬᠢᠶᠠᠨ ᠪᠠᠶᠢᠭᠤᠯᠤᠨ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠠᠶᠢᠷᠤᠪ ᠤᠨ ᠲᠤᠬᠤᠢ ᠲᠣᠭᠤᠷᠢᠭ ᠲᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠵᠠᠢ᠃     ᠤᠢᠢᠷ᠎ᠠ ᠶᠢᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠳᠤ᠂ ᠨᠠᠮ ᠤᠨ ᠭᠡᠰᠢᠭᠦᠨ ᠺᠠᠳ᠋ᠷ ᠠᠵᠢᠯᠳᠠᠨ ᠠᠵᠢᠯᠴᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠪᠠ᠃ ᠤᠯᠠᠨ ᠢᠶᠠᠷ ᠢᠶᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠠᠴᠠ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠳᠤ ᠣᠯᠤᠭᠰᠠᠨ ᠠᠮᠵᠢᠯᠲᠠ ᠶᠢ ᠨᠤᠲᠠᠯᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠳᠤ ᠤᠷᠤᠭᠰᠢᠯᠠᠯᠲᠠ ᠶᠢᠨ ᠴᠢᠭᠯᠡᠯ ᠢ ᠵᠢᠭᠠᠵᠤ ᠥᠭᠴᠡᠢ ᠭᠡᠵᠦ ᠢᠯᠡᠳᠬᠡᠵᠡᠭᠡᠪᠡ᠃ ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠬᠠᠤᠯᠢᠵᠢᠯ ᠤᠨ ᠦᠬᠠᠢ ᠶᠢᠨ ᠪᠦᠳᠦᠬᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ᠃     ᠬᠠᠶᠢᠷᠤᠪ ᠤᠨ ᠲᠤᠬᠤᠢ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠠᠷᠠᠳ ᠤᠨ ᠲᠥᠯᠥᠭᠡ ᠬᠠᠤᠯᠢ ᠴᠠᠭᠠᠵᠠ ᠪᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠲᠣᠭᠤᠷᠢᠭ᠂ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠲᠣᠣᠷ ᠢ ᠲᠡᠭᠦᠯᠳᠡᠷᠵᠢᠭᠦᠯᠵᠦ᠂ ᠵᠡᠷᠭᠡ ᠳᠡᠰ ᠤᠨ ᠬᠠᠤᠯᠢ ᠴᠠᠭᠠᠵᠠ ᠶᠢᠨ ᠭᠠᠵᠠᠷ ᠢ ᠪᠠᠶᠢᠭᠤᠯᠤᠭᠰᠠᠨ ᠪᠠ ᠪᠦᠷᠬᠦᠴᠡ ᠶᠢᠨ ᠨᠤᠷᠮ᠎ᠠ ᠶᠢ 100%᠎ ᠳᠤ ᠬᠦᠷᠭᠡᠵᠡᠢ︔ ᠲᠣᠰᠬᠤᠨ ︵ᠨᠡᠶᠢᠭᠡᠮ ᠲᠣᠭᠤᠷᠢᠭ︶᠎ ᠤ ᠬᠠᠤᠯᠢ ᠴᠠᠭᠠᠵᠠ ᠶᠢᠨ ᠵᠥᠪᠯᠡᠭᠴᠢ ᠶᠢ ᠪᠦᠬᠦᠨ ᠢ ᠪᠦᠷᠬᠦᠬᠦᠯᠬᠦ ᠶᠢ ᠦᠷᠭᠦᠯᠵᠢᠯᠡᠨ ᠠᠬᠢᠭᠤᠯᠵᠤ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠣᠨᠣᠪᠴᠢᠲᠠᠢ ᠪᠣᠯᠭᠠᠬᠤ ᠪᠠ ᠳᠥᠭᠦᠮ ᠳᠥᠲᠡ ᠪᠣᠯᠭᠠᠬᠤ ᠶᠢ ᠪᠡᠶᠡᠯᠡᠭᠦᠯᠪᠡ ᠃ ᠳᠠᠷᠠᠭᠠᠴᠢ ᠶᠢᠨ ᠠᠯᠬᠤᠮ ᠳᠤ᠂ ᠲᠤᠰ ᠲᠤᠪᠴᠢᠶ᠎ᠠ ᠦᠷᠭᠦᠯᠵᠢᠯᠡᠨ ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠦᠢᠯᠡᠴᠢᠯᠡᠭᠡᠨ ᠤ ᠣᠶᠢᠯᠠᠭᠠᠭᠳᠠᠬᠤᠨ ᠤ ᠰᠢᠨ᠎ᠡ ᠶᠢ ᠡᠭᠦᠳᠴᠦ᠂ ᠬᠠᠤᠯᠢᠵᠢᠯ ᠤᠨ ᠤᠬᠠᠭᠤᠯᠭ᠎ᠠ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ᠂ ᠠᠷᠠᠳ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠲᠠᠯ᠎ᠠ ᠶᠢᠨ ᠠᠵᠢᠯ ᠢ ᠰᠠᠶᠢᠲᠤᠷ ᠬᠢᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠪᠣᠯᠤᠨ᠎ᠠ᠃     ᠡᠨᠡ ᠵᠢᠯ ᠪᠠᠶᠢᠭᠤᠯᠤᠭᠳᠠᠭᠰᠠᠨ ᠬᠠᠶᠢᠷᠤᠪ ᠤᠨ ᠲᠤᠬᠤᠢ ᠲᠣᠭᠤᠷᠢᠭ ᠤᠨ ᠨᠡᠶᠢᠭᠡᠮ ᠤᠨ ᠶᠡᠷᠦᠩᠬᠡᠶᠢᠯᠡᠭᠰᠡᠨ ᠵᠥᠷᠢᠴᠡᠯ ᠢ ᠬᠠᠮᠲᠤᠷᠠᠨ ᠰᠢᠢᠳᠪᠦᠷᠢᠯᠡᠬᠦ ᠲᠥᠪ ᠪᠣᠯ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ᠂ ᠬᠤᠳᠠ ᠶᠢᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠵᠦ᠂ ᠠᠷᠠᠳ ᠤᠯᠠᠨ ᠤ ᠵᠠᠭᠤᠷᠠᠯᠳᠤᠭᠠᠨ ᠢ ᠰᠢᠢᠳᠪᠦᠷᠢᠯᠡᠬᠦ ᠥᠪᠡᠷ ᠤᠨ ᠦᠷᠳᠡᠭ ᠢ ᠪᠠᠭᠤᠷᠠᠭᠤᠯᠬᠤ ᠶᠢᠨ ᠲᠥᠯᠥᠭᠡ᠂ ᠬᠠᠤᠯᠢ ᠴᠠᠭᠠᠵᠠ ᠶᠢᠨ ᠵᠠᠰᠠᠭ ᠵᠠᠬᠢᠷᠭ᠎ᠠ᠂ ᠰᠢᠭᠦᠬᠦ  ᠬᠤᠷᠢᠶ᠎ᠠ ᠵᠡᠷᠭᠡ ᠰᠠᠯᠠᠭ᠎ᠠ ᠮᠥᠴᠢᠷ ᠤᠨ ᠡᠬᠢ ᠪᠠᠶᠠᠯᠢᠭ ᠢ ᠴᠤᠭᠯᠠᠭᠤᠯᠤᠨ ᠪᠠᠶᠢᠭᠤᠯᠤᠭᠰᠠᠨ ᠦᠢᠯᠡᠴᠢᠯᠡᠭᠡᠨ ᠤ ᠪᠠᠶᠢᠭᠤᠯᠤᠮᠵᠢ ᠪᠣᠯᠤᠨ᠎ᠠ᠃ ᠲᠥᠪ ᠨᠢ ᠪᠠᠶᠢᠭᠤᠯᠤᠭᠳᠠᠭᠰᠠᠨ ᠠᠴᠠ ᠨᠠᠰᠢ ᠨᠡᠶᠢᠲᠡ 1500 ᠭᠠᠷᠤᠶ ᠭᠤᠮᠣᠳᠠᠯ ᠲᠣᠭᠠᠴᠢᠯᠲᠠ ᠶᠢᠨ ᠬᠡᠷᠡᠭ ᠢ ᠬᠦᠯᠢᠶᠡᠨ ᠠᠪᠴᠤ  ᠰᠢᠢᠤᠡᠪᠤᠷᠢᠯᠡᠵᠤ᠂ 1446 ᠬᠡᠷᠡᠭ ᠢ ᠰᠢᠢᠤᠡᠪᠤᠷᠢᠯᠡᠨ ᠳᠠᠭᠤᠰᠬᠠᠵᠤ᠂ ᠰᠢᠢᠤᠡᠪᠤᠷᠢᠯᠡᠨ ᠳᠠᠭᠤᠰᠬᠠᠭᠰᠠᠨ ᠨᠣᠷᠮ᠎ᠠ ᠨᠢ 94.46%᠎ ᠳᠤ ᠬᠦᠷᠴᠡᠶ᠃        ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠲᠥᠪ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠠᠵᠢᠯᠳᠠᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠤᠢᠢᠯᠠᠭᠠᠭᠳᠠᠬᠤᠨ ᠢ ᠦᠷᠭᠦᠯᠵᠢᠯᠡᠨ ᠦᠢᠯᠡᠳᠦᠯᠭᠡᠵᠢᠭᠦᠯᠵᠦ᠂ ᠨᠡᠶᠢᠭᠡᠮ ᠤᠨ ᠵᠥᠷᠢᠴᠡᠯ ᠢ ᠤᠯᠠᠨ ᠲᠠᠯ᠎ᠠ ᠪᠠᠷ ᠨᠠᠮᠳᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠠᠵᠠᠷ ᠣᠷᠣᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ ᠬᠠᠶᠢᠷᠤᠪ ᠤᠨ ᠲᠤᠬᠤᠢ ᠲᠣᠭᠤᠷᠢᠭ ᠤᠨ ᠨᠡᠶᠢᠭᠡᠮ ᠤᠨ ᠶᠡᠷᠦᠩᠬᠡᠶᠢᠯᠡᠭᠰᠡᠨ ᠵᠥᠷᠢᠴᠡᠯ ᠢ  ᠰᠢᠢᠤᠡᠪᠤᠷᠢᠯᠡᠬᠦ ᠬᠠᠮᠲᠤᠷᠠᠭᠰᠠᠨ ᠲᠥᠪ ᠤᠨ ᠠᠵᠢᠯᠲᠠᠨ ᠢᠯᠡᠷᠬᠡᠶᠢᠯᠡᠬᠦ ᠳᠡᠭᠡᠨ᠂ ᠦᠨᠡᠨᠬᠦ ᠰᠤᠷᠤᠯᠴᠠᠬᠤ᠂ ᠦᠨᠡᠨᠬᠦ ᠢᠲᠡᠭᠡᠬᠦ᠂ ᠦᠨᠡᠨᠬᠦ ᠣᠶᠢᠯᠠᠭᠠᠬᠤ᠂ ᠦᠨᠡᠨᠬᠦ ᠬᠡᠷᠡᠭᠯᠡᠬᠦ ᠪᠠᠷ ᠬᠠᠷᠠᠯᠲᠠ ᠪᠣᠯᠭᠠᠵᠤ᠂ ᠪᠦᠬᠦ ᠲᠠᠯ᠎ᠠ ᠪᠠᠷ ᠰᠤᠷᠤᠯᠴᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠪᠠᠷ ᠡᠵᠡᠮᠰᠢᠵᠦ᠂ ᠬᠠᠮᠲᠤ ᠶᠢᠨ ᠰᠤᠷᠤᠯᠴᠠᠯᠭ᠎ᠠ᠂ ᠤᠬᠠᠭᠤᠯᠭ᠎ᠠ ᠬᠥᠮᠦᠵᠢᠯ ᠢ ᠢᠳᠡᠪᠬᠢᠲᠡᠢ ᠥᠷᠨᠢᠭᠦᠯᠵᠦ᠂ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠤᠯᠠᠨ ᠲᠦᠮᠡᠨ ᠤ ᠬᠡᠷᠡᠭᠴᠡᠭᠡ ᠪᠠᠷ ᠡᠭᠦᠰᠦᠯᠲᠡ ᠪᠣᠯᠭᠠᠵᠤ᠂ ᠤᠯᠠᠨ ᠡᠰᠢᠲᠦ ᠡᠶᠡᠳᠡᠭᠦᠯᠦᠨ ᠰᠢᠢᠳᠪᠦᠷᠢᠯᠡᠬᠦ ᠠᠷᠭ᠎ᠠ ᠬᠡᠯᠪᠡᠷᠢ ᠶᠢ ᠳᠠᠰᠤᠷᠠᠯᠳᠠ ᠦᠭᠡᠢ ᠰᠢᠯᠢᠳᠡᠭᠵᠢᠭᠦᠯᠵᠦ᠂ ᠰᠡᠭᠦᠯ ᠤᠨ ᠬᠡᠰᠡᠭ ᠢ ᠨᠢ ᠠᠳᠬᠤᠬᠤ ᠪᠠᠷ ᠪᠠᠷᠠᠬᠤ ᠦᠭᠡᠢ ᠡᠪᠡᠳᠴᠢᠨ ᠢ ᠨᠢ ᠵᠠᠰᠠᠬᠤ ᠶᠢ ᠴᠢᠷᠮᠠᠶᠢᠨ ᠪᠡᠶᠡᠯᠡᠭᠦᠯᠵᠦ᠂ ᠡᠯ᠎ᠡ ᠳᠦᠷᠦᠯ ᠤᠨ ᠵᠥᠷᠢᠴᠡᠯ ᠵᠠᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠬᠦ᠂ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠵᠠᠢ᠃      ᠨᠠᠮ ᠪᠣᠯᠤᠨ ᠵᠠᠰᠠᠭ ᠤᠨ ᠣᠷᠳᠣᠨ ᠤ ᠳᠠᠭᠤ ᠬᠤᠭᠤᠯᠠᠢ ᠪᠣᠯᠤᠭᠰᠠᠨ ᠤ ᠬᠤᠪᠢ ᠳᠤ᠂ ᠬᠠᠶᠢᠷᠤᠪ ᠤᠨ ᠳᠤᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠢᠢᠷ᠎ᠠ ᠶᠢᠨ ᠡᠳᠦᠷ ᠲᠥᠪᠯᠡᠷᠡᠭᠦᠯᠦᠨ ᠰᠤᠷᠤᠯᠴᠠᠬᠤ ᠪᠠ ᠥᠪᠡᠷᠲᠡᠭᠡᠨ ᠰᠤᠷᠤᠯᠴᠠᠬᠤ ᠵᠡᠷᠭᠡ ᠠᠷᠭ᠎ᠠ ᠬᠡᠯᠪᠡᠷᠢ ᠪᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠲᠤᠬᠠᠢ ᠣᠶᠢᠯᠠᠭᠠᠯᠲᠠ ᠪᠠᠨ ᠭᠦᠨᠵᠡᠭᠡᠶᠢᠷᠡᠭᠦᠯᠵᠡᠢ᠃ ᠤᠯᠠᠨ ᠢᠶᠠᠷ ᠢᠶᠠᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠤᠰ ᠪᠡᠶ᠎ᠡ ᠶᠢᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠨ᠎ᠠ ᠭᠡᠵᠦ ᠢᠯᠡᠳᠬᠡᠵᠡᠭᠡᠪᠡ᠃        ᠬᠠᠶᠢᠷᠤᠪ ᠤᠨ ᠲᠤᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ᠂ ᠰᠣᠨᠢᠨ ᠮᠡᠳᠡᠭᠡᠨ ᠤ ᠠᠵᠢᠯᠳᠠᠨ ᠪᠣᠯᠤᠭᠰᠠᠨ ᠤ ᠬᠤᠪᠢ ᠳᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ︿ᠲᠦᠷᠪᠡᠨ ᠬᠦᠴᠦᠨ﹀᠎ ᠢ ᠲᠠᠰᠤᠷᠠᠯᠳᠡ ᠦᠭᠡᠢ ᠳᠠᠪᠲᠠᠨ ᠪᠣᠯᠪᠠᠰᠤᠷᠠᠭᠤᠯᠵᠤ᠂ ᠭᠠᠷ ᠲᠠᠬᠢ ᠪᠢᠷ ᠢᠶᠠᠨ ᠰᠠᠶᠢᠲᠤᠷ ᠬᠡᠷᠡᠭᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠦᠯᠢᠭᠡᠷ ᠢ ᠰᠠᠶᠢᠲᠤᠷ ᠶᠠᠷᠢᠵᠤ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠰᠣᠨᠢᠨ ᠮᠡᠳᠡᠭᠡᠨ ᠤ ᠠᠵᠢᠯᠳᠠᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠢᠯᠡᠳᠬᠡᠪᠡ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号