ᠲᠤᠭᠤᠷᠢᠭ ᠤᠨ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠬᠠᠢ ᠪᠣᠯᠪᠠᠰᠤᠷᠠᠯ ᠤᠨ ᠬᠤᠷᠠᠯ ᠢ ᠦᠷᠨᠢᠭᠦᠯᠪᠡ
ᠨᠡᠶᠢᠲᠡᠯᠡᠭᠰᠡᠨ ᠴᠠᠭ᠄
2021/12/17
     ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠬᠠᠢ ᠲᠠᠨᠢᠯᠲᠠ ᠪᠣᠯᠤᠨ ᠡᠷᠡᠰ ᠪᠠᠲᠤ ᠤᠬᠠᠮᠰᠠᠷ ᠢ ᠴᠢᠨᠠᠭᠰᠢᠳᠠ ᠭᠦᠨᠵᠡᠭᠡᠶᠢᠷᠡᠭᠦᠯᠬᠦ ᠶᠢᠨ ᠲᠥᠯᠥᠭᠡ᠂ ᠲᠤᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ︽2021 ᠣᠨ ᠤ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠭᠡᠰᠢᠭᠦᠨ ᠤ ᠬᠥᠮᠦᠵᠢᠯ ᠵᠢᠱᠢᠶ᠎ᠡ ᠦᠵᠡᠭᠦᠯᠬᠦ ᠪᠣᠯᠪᠠᠰᠤᠷᠠᠯ ᠤᠨ ᠠᠩᠬᠢ ᠶᠢᠨ ᠲᠥᠯᠥᠪᠯᠡᠭᠡ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾᠎ ᠤᠨ ᠱᠠᠭᠠᠷᠳᠠᠯᠭ᠎ᠠ ᠶᠣᠰᠣᠭᠠᠷ᠂ 12 ᠰᠠᠷ᠎ᠠ ᠶᠢᠨ 8᠎ ᠤ ᠡᠳᠦᠷ ᠲᠤᠭᠤᠷᠢᠭ ᠤᠨ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂  ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠳᠤ ᠲᠤᠰᠬᠠᠢ ᠪᠣᠯᠪᠠᠰᠤᠷᠠᠯ ᠬᠦᠷᠲᠡᠭᠡᠵᠡᠢ᠃ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ 100 ᠨᠡᠷᠡᠰ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠣᠯᠪᠠᠰᠤᠷᠠᠯ ᠳᠤ ᠣᠷᠣᠯᠴᠠᠪᠠ᠃
   ᠠᠵᠢᠯᠯᠠᠬᠤ ᠬᠤᠷᠢᠶ᠎ᠠ ᠠᠴᠠ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠬᠠᠤᠯᠢ ᠶᠢᠨ ᠤᠬᠠᠭᠠᠨ ᠬᠢᠭᠡᠳ ᠬᠠᠮᠢᠶᠠᠷᠤᠯᠲᠠ ᠶᠢᠨ ᠤᠬᠠᠭᠠᠨ ᠤ ᠵᠢᠭᠠᠨ ᠰᠤᠳᠤᠯᠬᠤ ᠲᠠᠰᠤᠭ ᠤᠨ ᠷᠤᠸᠠᠨ ᠯᠠᠨ ᠪᠠᠭᠰᠢ ᠶᠢ ᠤᠷᠢᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠵᠦ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠶ᠎ᠡ︾ ᠭᠡᠬᠦ ᠲᠤᠰᠬᠠᠢ ᠰᠡᠳᠦᠪᠲᠦ ᠪᠣᠯᠪᠠᠰᠤᠷᠠᠯ ᠬᠢᠯᠭᠡᠪᠡ᠃    ᠪᠣᠯᠪᠠᠰᠤᠷᠠᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠪᠦᠷᠢᠯᠳᠦᠯ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠤᠨᠤᠯ ᠪᠣᠯᠤᠨ ᠦᠢᠯᠡᠳᠦᠯᠭᠡ ᠶᠢᠨ ︽ᠭᠤᠷᠪᠠᠨ ᠰᠠᠭᠤᠷᠢᠯᠠᠯ︾ ᠪᠣᠯᠤᠨ ᠲᠠᠪᠤᠨ ᠶᠡᠭᠡ ᠰᠠᠭᠤᠷᠢ ᠶᠢ ᠪᠠᠲᠤᠳᠬᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠷᠪᠠᠨ ᠲᠠᠯ᠎ᠠ ᠠᠴᠠ ᠦᠬᠠᠢ ᠪᠣᠯᠤᠨ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠭᠦᠨ ᠭᠦᠨᠵᠡᠭᠡᠢ ᠨᠠᠷᠢᠨ ᠨᠢᠮᠪᠠᠢ ᠪᠣᠯᠪᠠᠰᠤᠷᠠᠯ ᠬᠢᠵᠦ ᠬᠠᠪᠰᠤᠷᠤᠨ ᠵᠢᠯᠣᠭᠤᠳᠪᠠ᠃    ᠬᠤᠷᠠᠯ ᠤᠨ ᠲᠠᠷᠠᠭ᠎ᠠ᠂ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠨᠢᠭᠡ ᠳᠤ᠂ ᠬᠤᠷᠠᠯ ᠤᠨ ᠬᠤᠯᠪᠣᠭᠳᠠᠯ ᠪᠦᠬᠦᠢ ᠵᠣᠷᠢᠭ ᠰᠠᠨᠠᠭᠠᠨ ᠤ ᠱᠠᠭᠠᠷᠳᠠᠯᠭ᠎ᠠ ᠶᠢ ᠬᠤᠷᠠᠯ ᠤᠨ ᠬᠠᠷᠢᠭᠤᠴᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠨᠥᠬᠦᠳ ᠨᠢᠭᠡᠪᠦᠷᠢ ᠳᠤ ᠪᠦᠷᠢᠨ ᠪᠦᠲᠦᠨ ᠵᠥᠪ ᠣᠨᠣᠪᠴᠢᠲᠠᠢ ᠪᠠᠷ ᠤᠯᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠰᠤᠷᠤᠯᠴᠠᠯᠭ᠎ᠠ ᠤᠬᠠᠭᠤᠯᠭ᠎ᠠ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ︔ ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠶᠢᠨ ᠠᠭᠤᠯᠤᠭᠳᠠᠬᠤᠨ ᠴᠢᠬᠤᠯᠠ ᠠᠭᠤᠯᠭ᠎ᠠ ᠪᠠ ᠴᠢᠬᠤᠯᠠ ᠶᠡᠭᠡ ᠠᠴᠢ ᠬᠤᠯᠪᠣᠭᠳᠠᠯ ᠢ ᠴᠢᠨᠠᠭᠰᠢᠳᠠ ᠭᠦᠨᠵᠡᠭᠡᠢ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠠᠵᠢᠯ ᠢ ᠰᠠᠶᠢᠲᠤᠷ ᠬᠢᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ︔ ᠭᠤᠷᠪᠠ ᠳᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ︽ᠲᠠᠪᠤ ᠶᠢ ᠮᠡᠳᠡᠷᠡᠨ ᠵᠥᠪᠰᠢᠶᠡᠷᠡᠬᠦ︾ ᠦᠵᠡᠯ ᠰᠠᠨᠠᠭ᠎ᠠ ᠶᠢ ᠦᠨᠡᠨᠬᠦ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠬᠢᠵᠢᠭᠦᠯᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠲᠠᠰᠤᠷᠠᠯᠳᠡ ᠦᠭᠡᠢ ᠴᠢᠩᠭᠠᠳᠬᠠᠵᠤ᠂ ᠨᠠᠮ ᠤᠨ ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠶᠢ ᠦᠨᠡᠨᠬᠦ ᠴᠢᠩᠭᠠᠳᠬᠠᠵᠤ᠂ ᠬᠦᠴᠦ ᠪᠠᠨ ᠬᠠᠮᠲᠤᠳᠬᠠᠵᠤ᠂ ᠬᠦᠴᠦᠨ ᠢᠶᠠᠨ ᠨᠢᠭᠲᠠᠷᠠᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠲᠠᠰᠤᠷᠠᠯᠳᠡ ᠦᠭᠡᠢ ᠠᠬᠢᠭᠤᠯᠬᠤ ᠬᠡᠷᠡᠭᠲᠡᠢ  ᠭᠡᠵᠠᠢ᠃        
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号