︽ᠦᠢᠯᠡᠳᠪᠦᠷᠢ ᠠᠭᠤᠷᠬᠠᠶ ᠶᠢᠨ ᠳᠤᠭᠤᠶᠢᠯᠠᠩ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ | ᠬᠠᠯᠳᠠᠪᠤᠷᠢᠯᠠᠯ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ | ᠰᠠᠶᠢᠲᠤᠷ ᠬᠢᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠰᠢᠨ᠎ᠡ ᠲᠢᠲᠢᠮ ᠲᠠᠢ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ | ᠂ ᠡᠷᠲᠡ ᠠᠴᠠ ᠢᠯᠡᠷᠡᠭᠦᠯᠵᠦ᠂ ᠡᠷᠲᠡ ᠠᠴᠠ ᠮᠡᠳᠡᠭᠦᠯᠵᠦ᠂ ᠬᠢᠵᠢᠭ ᠡᠭᠦᠰᠬᠦ ᠪᠠ ᠳᠡᠯᠭᠡᠷᠡᠬᠦ ᠶᠢ ᠰᠡᠷᠭᠡᠶᠢᠯᠡᠨ | ᠬᠤᠷᠢᠭᠯᠠᠵᠤ᠂ ᠡᠨᠧᠷᠭᠢ ᠶᠢᠨ ᠲᠣᠪᠴᠢᠶ᠎ᠠ ᠶᠢᠨ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠭᠤᠤᠯᠳᠠᠯᠭ᠎ᠠ ᠲᠠᠢ | ᠭᠠᠵᠠᠷ ᠲᠠᠯᠠᠪᠤᠷ ᠪᠠ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠨ ᠬᠢᠨᠠᠨ | ᠬᠡᠮᠵᠢᠬᠦ ᠰᠢᠰᠲ᠋ᠧᠮ ᠯᠦᠭᠡ ᠤᠶᠠᠯᠳᠤᠭᠤᠯᠵᠤ᠂ ᠬᠡᠪ ᠤᠨ ᠬᠢᠨᠠᠨ ᠬᠡᠮᠵᠢᠬᠦ ᠪᠠ ᠬᠢᠨᠠᠨ ᠬᠡᠮᠵᠢᠬᠦ ᠶᠢ ᠴᠢᠩᠭᠠᠷᠠᠭᠤᠯᠬᠤ ᠶᠢ | ᠤᠶᠠᠯᠳᠤᠭᠤᠯᠬᠤ ᠠᠷᠭ᠎ᠠ ᠮᠠᠶ᠋ᠢᠭ ᠤᠨ ᠶᠣᠰᠣᠭᠠᠷ᠂ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠪᠠᠶᠢᠩᠭᠤᠵᠢᠭᠤᠯᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠵᠦ᠂ | ᠣᠨᠴᠣᠭᠤᠶᠢᠯᠠᠨ ᠲᠣᠰ ᠲᠥᠰᠦᠯ ᠢ ᠲᠣᠭᠲᠠᠭᠠᠪᠠ᠃ | ᠨᠢᠭᠡ᠂ ᠬᠥᠮᠦᠰ ᠤᠨ ᠬᠢᠨᠠᠨ ᠬᠡᠮᠵᠢᠯᠲᠡ ᠶᠢ ᠴᠢᠩᠭᠠᠳᠬᠠᠨ᠎ᠠ | ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠬᠥᠮᠦᠰ ᠤᠨ ᠬᠢᠨᠠᠨ ᠬᠡᠮᠵᠢᠯᠲᠡ ᠶᠢ ᠦᠢᠯᠡᠳᠪᠦᠷᠢ ᠳᠡᠭᠡᠨ | ᠪᠤᠴᠠᠵᠤ ᠢᠷᠡᠭᠰᠡᠨ ᠭᠠᠳᠠᠨ᠎ᠠ ᠠᠴᠠ ᠢᠷᠡᠭᠰᠡᠨ ᠬᠥᠮᠦᠰ ᠲᠤ ᠴᠢᠩᠭ᠎ᠠ ᠨᠢᠮᠪᠠᠶ ᠬᠢᠨᠠᠨ ᠡᠵᠡᠮᠳᠡᠬᠦ ᠠᠷᠭ᠎ᠠ ᠬᠡᠮᠵᠢᠶ᠎ᠡ ᠶᠢ | ᠰᠠᠶᠢᠲᠤᠷ ᠬᠢᠵᠦ᠂ ᠪᠤᠴᠠᠵᠤ ᠢᠷᠡᠭᠰᠡᠨ ᠬᠥᠮᠦᠰ ᠵᠢᠴᠢ ᠣᠨᠣᠰᠢᠯᠠᠭᠰᠠᠨ ᠡᠪᠡᠳᠴᠢᠨ ᠤ ᠵᠢᠱᠢᠶ᠎ᠡ ᠲᠠᠢ ᠴᠠᠭ ᠪᠠ | ᠣᠷᠣᠨ ᠵᠠᠶ ᠶᠢᠨ ᠲᠠᠯ᠎ᠠ ᠪᠠᠷ ᠳᠠᠪᠬᠤᠴᠠᠭᠰᠠᠨ ᠬᠥᠮᠦᠰ ᠢ ᠡᠷᠬᠡᠪᠰᠢ ᠪᠠᠶᠢᠭ᠎ᠠ ᠨᠡᠶᠢᠭᠡᠮ ᠲᠣᠭᠤᠷᠢᠭ᠂ ᠨᠢᠭᠡᠴᠡ᠂ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠲᠤ ᠮᠡᠳᠡᠭᠦᠯᠦᠨ ᠳᠠᠩᠰᠠᠯᠠᠭᠤᠯᠵᠤ᠂ ᠸᠢᠷᠦ᠋ᠰ ᠤᠨ ᠪᠥᠭᠡᠮ | ᠬᠦᠴᠢᠯ ᠢ ᠪᠠᠶᠢᠴᠠᠭᠠᠨ ᠰᠢᠯᠭᠠᠬᠤ᠂ ᠲᠤᠰᠠᠭᠠᠷᠯᠠᠨ ᠬᠠᠮᠢᠶᠠᠷᠴᠤ ᠡᠵᠡᠮᠳᠡᠬᠦ᠂ ᠡᠷᠡᠭᠦᠯ ᠮᠡᠨᠳᠦ ᠶᠢ ᠬᠢᠨᠠᠨ ᠬᠡᠮᠵᠢᠬᠦ ᠵᠡᠷᠭᠡ | ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠦᠷᠭᠡᠬᠡᠨ ᠨᠠᠶᠢᠳᠠᠪᠤᠷᠢᠵᠢᠭᠤᠯᠬᠤ ᠬᠡᠷᠡᠭᠲᠡᠶ᠃ | ᠬᠤᠶᠠᠷ᠂ ᠸᠠᠺᠼᠢᠨ ᠤ ᠲᠠᠷᠢᠯᠭ᠎ᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ ᠨᠡᠮᠡᠭᠳᠡᠭᠦᠯᠤᠨ᠎ᠡ | ᠰᠢᠨ᠎ᠡ ᠲᠢᠲᠢᠮ ᠤᠨ ᠸᠢᠷᠦ᠋ᠰ ᠤᠨ ᠸᠠᠺᠼᠢᠨ ᠪᠣᠯ ᠰᠢᠨ᠎ᠡ ᠲᠢᠲᠢᠮ ᠤᠨ ᠠᠭᠤᠰᠬᠢᠨ ᠦᠷᠪᠢᠰᠦᠯ ᠢ | ᠰᠡᠷᠭᠡᠶᠢᠯᠡᠬᠦ ᠪᠦᠲᠦᠮᠵᠢᠲᠡᠶ ᠠᠷᠭ᠎ᠠ ᠬᠡᠮᠵᠢᠶ᠎ᠡ ᠮᠥᠨ᠂ ᠮᠠᠨ ᠤ ᠲᠣᠪᠴᠢᠶ᠎ᠠ ᠵᠣᠬᠢᠶᠠᠨ ᠪᠠᠶᠢᠭᠤᠯᠵᠤ ᠵᠣᠬᠢᠴᠠᠭᠤᠯᠬᠤ | ᠤᠶᠢᠯᠡᠳᠤᠯ ᠢᠶᠠᠨ ᠭᠦᠢᠴᠡᠤᠡ ᠪᠠᠳᠠᠷᠠᠭᠤᠯᠵᠤ᠂ 1 ᠤᠳᠤᠷᠢᠳᠤᠯᠭ᠎ᠠ᠂ 1 ᠬᠤᠯᠪᠣᠭᠠᠴᠢᠨ ᠵᠢᠭᠠᠨ ᠲᠣᠭᠲᠠᠭᠠᠵᠤ | ᠲᠤᠰᠬᠠᠶᠢᠯᠠᠨ ᠸᠠᠺᠼᠢᠨ ᠤ ᠲᠠᠷᠢᠯᠭ᠎ᠠ ᠶᠢᠨ ᠠᠵᠢᠯ ᠢ ᠬᠠᠷᠢᠭᠤᠴᠠᠭᠤᠯᠵᠤ᠂ ᠲᠣᠰ ᠠᠵᠢᠯ ᠲᠥᠷᠥᠯ ᠤᠨ ᠢᠶᠠᠨ | ᠲᠠᠷᠢᠯᠭ᠎ᠠ ᠶᠢᠨ ᠪᠠᠶᠢᠳᠠᠯ ᠢ ᠬᠥᠳᠡᠯᠦᠩᠭᠦᠶ ᠪᠠᠷ ᠡᠮᠬᠢᠯᠡᠨ ᠳᠢᠭᠯᠡᠵᠦ᠂ ᠲᠠᠷᠢᠯᠭ᠎ᠠ ᠶᠢᠨ ᠡᠬᠡ ᠲᠠᠩᠰᠠ ᠪᠠᠶᠢᠭᠤᠯᠬᠤ ᠶᠢᠨ | ᠬᠠᠮᠲᠤ ᠡᠳᠦᠷ ᠪᠦᠷᠢ ᠮᠡᠳᠡᠭᠦᠯᠦᠨ ᠬᠦᠷᠭᠡᠵᠦ᠂ ᠲᠠᠷᠢᠯᠭ᠎ᠠ ᠬᠢᠭᠰᠡᠨ ᠥᠬᠡᠶ ᠬᠥᠮᠦᠰ ᠲᠤ ᠲᠠᠷᠢᠯᠭ᠎ᠠ ᠬᠢᠭᠰᠡᠨ ᠥᠬᠡᠶ | ᠰᠢᠯᠲᠠᠭᠠᠨ ᠢ ᠲᠣᠳᠣᠷᠬᠠᠶᠢᠯᠠᠵᠤ᠂ ᠣᠨᠣᠪᠴᠢᠲᠠᠶ ᠣᠷᠣᠨ ᠪᠠᠶᠢᠷᠢ ᠲᠣᠭᠲᠠᠭᠠᠨ᠂ ᠭᠥᠯᠢᠶᠡᠨ ᠠᠪᠬᠤ ᠶᠣᠰᠣᠲᠠᠶ ᠶᠢ ᠨᠢ | ᠴᠥᠮ ᠭᠥᠯᠢᠶᠡᠨ ᠠᠪᠬᠤ ᠶᠢ ᠪᠠᠲᠤᠯᠠᠬᠤ ᠬᠡᠷᠡᠭᠲᠡᠶ᠃ | | ᠭᠤᠷᠪᠠ᠂ ᠠᠵᠤ ᠠᠬᠤᠶᠢᠯᠠᠯ ᠤᠨ ᠪᠠᠶᠢᠴᠠᠭᠠᠯᠲᠠ ᠶᠢᠨ ᠠᠭᠤᠯᠭ᠎ᠠ | ︵ᠨᠢᠭᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠦ ᠪᠠᠶᠢᠳᠠᠯ ᠤᠨ ᠲᠤᠬᠠᠶ ᠠᠵᠤ | ᠠᠬᠤᠶᠢᠯᠠᠯ ᠤᠨ ᠲᠠᠨᠢᠯᠲᠠ ᠶᠢ ᠴᠢᠩᠭᠠᠳᠬᠠᠨ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠤᠳᠤᠷᠢᠳᠤᠯᠭ᠎ᠠ ᠶᠢᠨ | ᠬᠠᠷᠢᠭᠤᠴᠠᠯᠭ᠎ᠠ ᠶᠢᠨ ᠲᠥᠷᠢᠮ ᠪᠠᠶᠢᠭᠤᠯᠵᠤ᠂ ᠠᠵᠤ ᠠᠬᠤᠶᠢᠯᠠᠯ ᠤᠨ ᠳᠣᠲᠣᠷᠠᠬᠢ ᠠᠵᠢᠯᠳᠠᠨ ᠠᠵᠢᠯᠴᠢᠳ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠢ ᠴᠠᠭ ᠲᠤᠬᠠᠶ ᠲᠤᠨᠢ ᠰᠠᠶᠢᠲᠤᠷ ᠬᠢᠵᠦ᠂ | ᠪᠠᠴᠢᠮ ᠪᠠᠶᠢᠳᠠᠯ ᠢ ᠠᠷᠭᠠᠴᠠᠨ ᠭᠡᠨᠡᠳᠲᠡ ᠭᠠᠷᠬᠤ ᠶᠠᠪᠤᠳᠠᠯ ᠢ ᠰᠢᠢᠤᠡᠪᠤᠷᠢᠯᠡᠬᠦ ᠲᠡᠰ ᠳᠠᠷᠠᠭᠠᠯᠠᠯ᠂ ᠠᠷᠭ᠎ᠠ | ᠬᠡᠮᠵᠢᠶ᠎ᠡ ᠶᠢᠨ ᠰᠤᠷᠤᠯᠴᠠᠯᠭ᠎ᠠ ᠶᠢ ᠴᠢᠩᠭᠠᠳᠬᠠᠬᠤ ᠶᠢᠨ ᠬᠠᠮᠲᠤ ᠵᠣᠬᠢᠴᠠᠩᠭᠤᠶ ᠰᠤᠷᠤᠯᠴᠠᠭᠰᠠᠨ ᠲᠡᠮᠳᠡᠭᠯᠡᠯ ᠢ | ᠰᠠᠶᠢᠲᠤᠷ ᠬᠢᠬᠦ ᠬᠡᠷᠡᠭᠲᠡᠶ᠃ | ︵ᠬᠤᠶᠠᠷ︶ ᠠᠵᠤ ᠠᠬᠤᠶᠢᠯᠠᠯ ᠤᠨ ᠬᠤᠭᠤᠯᠠᠨ ᠬᠡᠷ ᠤᠨ ᠬᠤᠭᠤᠯᠠ ᠢᠳᠡᠬᠦ ᠶᠢᠨ ᠬᠠᠮᠢᠶᠠᠷᠤᠯᠲᠠ ᠶᠢ | ᠵᠢᠷᠤᠮᠵᠢᠭᠤᠯᠵᠤ᠂ ᠣᠷᠭᠢᠯ ᠦᠶ᠎ᠡ ᠶᠢ ᠵᠥᠷᠢᠭᠦᠯᠦᠨ ᠬᠤᠭᠤᠯᠠ ᠢᠳᠡᠬᠦ᠂ ᠬᠤᠭᠤᠯᠠ ᠬᠤᠪᠢᠶᠠᠬᠤ ᠵᠡᠷᠭᠡ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠴᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ | ︵ᠭᠤᠷᠪᠠ︶ ᠠᠷᠢᠭᠤᠳᠬᠠᠨ ᠬᠢᠵᠢᠭ ᠢ ᠰᠡᠷᠭᠡᠶᠢᠯᠡᠬᠦ ᠠᠵᠢᠯ ᠢ ᠴᠠᠭ ᠲᠤᠬᠠᠶ ᠲᠤᠨᠢ ᠰᠠᠶᠢᠲᠤᠷ ᠬᠢᠵᠦ᠂ | ᠪᠦᠬᠦ᠋ᠢᠯᠡ ᠦᠢᠯᠡᠳᠪᠦᠷᠢ ᠶᠢᠨ ᠲᠣᠭᠤᠷᠢᠭ ᠤᠨ ᠤᠯᠠᠨ ᠨᠡᠶᠢᠲᠡ ᠶᠢᠨ ᠲᠣᠭᠤᠷᠢᠭ ᠢ ᠪᠥᠬᠦ ᠲᠠᠯ᠎ᠠ ᠪᠠᠷ | ᠠᠷᠢᠭᠤᠳᠬᠠᠵᠤ᠂ ᠠᠵᠢᠯᠳᠠᠨ ᠠᠵᠢᠯᠴᠢᠳ ᠢ ᠰᠢᠮᠳᠠᠭᠤᠯᠤᠨ ᠠᠮᠠᠪᠴᠢ ᠵᠡᠭᠦᠯᠭᠡᠬᠦ ᠶᠢᠨ ᠬᠠᠮᠲᠤ ᠬᠢᠵᠢᠭ ᠤᠨ ᠪᠠᠶᠢᠳᠠᠯ | ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢᠨ ᠬᠢᠨᠠᠯᠲᠠ ᠪᠠᠶᠢᠴᠠᠭᠠᠯᠲᠠ ᠶᠢ | ᠴᠢᠩᠭᠠᠳᠬᠠᠬᠤ ᠬᠡᠷᠡᠭᠲᠡᠶ᠃ | ︵ᠳᠥᠷᠪᠡ︶ ᠡᠬᠡ ᠲᠠᠩᠰᠠ ᠪᠠᠶᠢᠭᠤᠯᠵᠤ᠂ ᠪᠣᠶ ᠪᠥᠬᠦᠶ ᠨᠠᠰᠢ ᠴᠠᠰᠢ ᠶᠠᠪᠤᠵᠤ ᠪᠠᠶᠢᠭ᠎ᠠ ᠬᠥᠮᠦᠰ᠂ ᠠᠵᠢᠯ ᠤᠨ | ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠶᠠᠪᠤᠵᠤ ᠰᠠᠭᠤᠬᠤ ᠳᠤ ᠳᠡᠩᠰᠡᠯᠡᠨ ᠲᠡᠮᠳᠡᠭᠯᠡᠵᠦ ᠳᠤᠯᠠᠭᠠᠨ ᠤ | ᠬᠡᠮᠵᠢᠶ᠎ᠡ ᠶᠢ ᠬᠡᠮᠵᠢᠨ᠂ ᠡᠬᠡ ᠲᠠᠩᠰᠠ ᠪᠠᠶᠢᠭᠤᠯᠵᠤ᠂ ᠠᠵᠤ ᠠᠬᠤᠶᠢᠯᠠᠯ ᠤᠨ ᠡᠭᠦᠳᠡᠨ ᠬᠠᠷᠠᠭᠤᠯ ᠤᠨ ᠲᠠᠰᠤᠭ ᠤᠨ | ᠳᠡᠩᠰᠡᠯᠡᠨ ᠲᠡᠮᠳᠡᠭᠯᠡᠬᠦ᠂ ᠺᠣᠳ᠋ ᠰᠢᠷᠪᠢᠬᠦ᠂ ᠳᠤᠯᠠᠭᠠᠨ ᠤ ᠬᠡᠮᠵᠢᠶ᠎ᠡ ᠶᠢ ᠬᠡᠮᠵᠢᠬᠦ ᠭᠤᠭᠴᠤᠭ᠎ᠠ ᠶᠢ ᠴᠢᠩᠭ᠎ᠠ ᠱᠠᠭᠠᠷᠳᠠᠬᠤ | ᠬᠡᠷᠡᠭᠲᠡᠶ᠃ | ︵ᠲᠠᠪᠤ︶ ᠬᠢᠵᠢᠭ ᠤᠨ ᠪᠠᠶᠢᠳᠠᠯ ᠤᠨ ᠬᠤᠭᠤᠴᠠᠭᠠᠨ ᠲᠤ ᠠᠵᠤ ᠠᠬᠤᠶᠢᠯᠠᠯ ᠤᠨ ᠠᠵᠢᠯᠳᠠᠨ ᠠᠵᠢᠯᠴᠢᠨ ᠠᠴᠠ | ᠠᠰᠠᠭᠤᠬᠤ ᠳᠠᠭᠠᠨ ᠴᠤᠤᠷᠬᠠᠯ ᠢ ᠢᠲᠡᠭᠡᠬᠦ ᠥᠭᠡᠢ᠂ ᠴᠤᠤᠷᠬᠠᠯ ᠲᠠᠷᠬᠠᠭᠠᠬᠤ ᠥᠭᠡᠢ᠂ ᠴᠤᠤᠷᠬᠠᠯ ᠲᠠᠯᠪᠢᠬᠤ ᠥᠭᠡᠢ | ᠪᠠᠶᠢᠬᠤ ᠶᠢ ᠢᠳᠡᠪᠬᠢᠲᠡᠶ ᠪᠠᠷ ᠰᠠᠨᠠᠭᠠᠴᠢᠯᠠᠬᠤ ᠬᠡᠷᠡᠭᠲᠡᠶ᠃ | ︵ᠵᠢᠷᠭᠤᠭ᠎ᠠ︶ ᠡᠷᠬᠡᠪᠰᠢ ᠲᠥᠪᠯᠡᠷᠡᠭᠦᠯᠬᠦ ᠥᠭᠡᠢ ᠪᠠᠶᠢᠬᠤ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠤᠨ | ᠬᠠᠯᠳᠠᠪᠤᠷᠢᠯᠠᠨ ᠣᠷᠣᠵᠤ ᠳᠡᠯᠭᠡᠷᠡᠬᠦ ᠪᠣᠯᠤᠯᠴᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃ | ︵ᠳᠣᠯᠤᠭ᠎ᠠ︶ ᠣᠶᠢᠷ᠎ᠠ ᠶᠢᠨ ᠬᠤᠭᠤᠴᠠᠭᠠᠨ ᠳᠤ ᠲᠤᠶᠢᠯ ᠤᠨ ᠴᠢᠬᠤᠯᠠ ᠥᠬᠡᠶ ᠪᠣᠯ ᠬᠢᠵᠢᠭ ᠤᠨ ᠪᠠᠶᠢᠳᠠᠯ ᠤᠨ | ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠪᠠ ᠲᠣᠰ ᠭᠠᠵᠠᠷ ᠣᠷᠣᠨ ᠤ ᠪᠠᠶᠢᠳᠠᠯ ᠢ ᠥᠩᠭᠡᠷᠡᠭᠦᠯᠬᠦ | ᠶᠠᠪᠤᠳᠠᠯ ᠡᠭᠦᠰᠦᠭᠰᠡᠨ ᠬᠤᠲᠠ ᠪᠠ ᠭᠠᠵᠠᠷ ᠣᠷᠣᠨ ᠳᠤ ᠣᠴᠢᠵᠤ ᠪᠣᠯᠬᠤ ᠥᠬᠡᠶ᠃ | ︵ᠨᠠᠢᠮᠠ︶ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠡᠮᠦᠨ᠎ᠡ ᠨᠢᠭᠡ ᠡᠳᠦᠷ ᠤᠨ ᠸᠠᠺᠼᠢᠨ ᠤ | ᠲᠠᠷᠢᠯᠭ᠎ᠠ ᠶᠢᠨ ᠪᠠᠶᠢᠳᠠᠯ ᠢ ᠡᠳᠦᠷ ᠪᠦᠷᠢ ᠳᠡᠭᠡᠭᠰᠢ ᠮᠡᠳᠡᠭᠦᠯᠬᠦ ᠬᠡᠷᠡᠭᠲᠡᠶ᠃ |