ᠹᠧᠩ ᠬᠤᠸᠠᠩ ᠯᠢᠩ ᠵᠡᠭᠡᠯᠢ ᠭᠤᠳᠤᠮᠵᠢ 2021 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/17
     12 ᠰᠠᠷ᠎ᠠ ᠶᠢᠨ 16᠎ ᠤ ᠡᠳᠦᠷ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠢᠨ 2021 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ᠃ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠤᠯᠭ᠎ᠠ ᠶᠢᠨ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠬᠠᠷᠢᠶ᠎ᠠ ᠣᠷᠣᠨ ᠤ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠡᠯ᠎ᠡ ᠨᠡᠶᠢᠭᠡᠮ ᠲᠣᠭᠤᠷᠢᠭ ᠤᠨ ᠱᠦᠵᠢ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠡᠯ᠎ᠡ ᠨᠡᠶᠢᠭᠡᠮ ᠲᠣᠭᠤᠷᠢᠭ ᠤᠨ ᠱᠦᠵᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾  ᠤᠶᠢᠯᠡᠳᠤᠯᠭᠡ ᠶᠢᠨ ᠠᠵᠢᠯᠯᠠᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ᠂ ᠪᠣᠳᠠᠲᠠᠶ ᠠᠵᠢᠯ ᠲᠠᠢ ᠪᠠᠨ ᠤᠶᠠᠯᠳᠤᠭᠤᠯᠤᠨ ᠂ ᠲᠣᠰ ᠲᠣᠰ ᠨᠢᠭᠡ ᠵᠢᠯ ᠤᠨ ᠲᠤᠷᠰᠢᠬᠢ ᠠᠵᠢᠯ ᠢᠶᠠᠨ ᠥᠷᠨᠢᠭᠦᠯᠦᠭᠰᠡᠨ ᠪᠠᠶᠢᠳᠠᠯ᠂ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠶᠢᠨ ᠲᠠᠯ᠎ᠠ ᠪᠠᠷ ᠲᠤᠬᠠᠶ ᠶᠢᠨ ᠲᠠᠯᠠᠪᠤᠷ ᠲᠤ ᠠᠵᠢᠯ ᠤᠨ ᠮᠡᠳᠡᠭᠦᠯᠦᠯᠲᠡ ᠬᠢᠵᠡᠶ᠃ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠶᠢᠨ ᠱᠦᠵᠢ ᠭᠦᠸᠧ ᠵᠧᠨ ᠠᠢ ᠵᠢᠴᠢ ᠤᠳᠤᠷᠢᠳᠬᠤ ᠪᠠᠭ ᠤᠨ ᠪᠦᠷᠢᠯᠳᠦᠬᠦᠨ ᠨᠡᠷ ᠡᠯ᠎ᠡ ᠨᠡᠶᠢᠭᠡᠮ ᠲᠣᠭᠤᠷᠢᠭ ᠤᠨ ᠠᠵᠢᠯ ᠤᠨ ᠮᠡᠳᠡᠭᠦᠯᠦᠯᠲᠡ ᠶᠢᠨ ᠪᠠᠶᠢᠳᠠᠯ ᠢ ᠨᠢᠭᠡᠳ ᠨᠢᠭᠡ ᠪᠠᠷ ᠦᠨᠡᠯᠡᠵᠦ᠂ ᠬᠢᠯᠠᠰ ᠴᠡᠭ ᠢ ᠳ᠋ᠦᠩᠨᠡᠵᠦ᠂ ᠭᠦᠢᠴᠡᠳ ᠪᠤᠰᠤ ᠵᠠᠳᠠᠯᠤᠯᠲᠠ ᠬᠢᠵᠦ᠂ ᠬᠠᠯᠠᠨ ᠰᠠᠶᠢᠵᠢᠷᠠᠭᠤᠯᠬᠤ ᠰᠠᠨᠠᠯ ᠳᠤᠷᠠᠳᠴᠠᠢ᠃ ᠲᠠᠷᠠᠭ᠎ᠠ ᠨᠢ᠂ ᠬᠤᠷᠠᠯ ᠳᠤ ᠣᠷᠣᠯᠴᠠᠭᠰᠠᠳ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠬᠠᠢ ᠠᠷᠠᠳᠴᠢᠯᠠᠯ ᠢᠶᠠᠷ ᠦᠨᠡᠯᠡᠪᠡ᠃    ᠡᠴᠦᠰ ᠲᠤ ᠭᠦᠸᠧ ᠵᠧᠨ ᠠᠶ ᠴᠢᠬᠤᠯᠠᠴᠢᠯᠠᠬᠤ ᠳᠠᠭᠠᠨ᠂ ᠨᠢᠭᠡ ᠳᠤ ᠲᠠᠨᠢᠯᠲᠠ ᠪᠠᠨ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠬᠤᠶᠠᠷ ᠲᠤ᠂ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ᠂ ᠨᠠᠮ ᠤᠨ ᠪᠠᠶᠢᠭᠤᠯᠤᠯᠲᠠ ᠶᠢᠨ ᠠᠴᠢᠶᠠᠯᠠᠪᠤᠷᠢ ᠶᠢ ᠠᠮᠢᠳᠤᠯᠢᠭ ᠪᠣᠯᠭᠠᠬᠤ ᠬᠡᠷᠡᠭᠲᠡᠢ᠃ ᠭᠤᠷᠪᠠ ᠳᠤ᠂ ᠬᠦᠷᠦᠯᠴᠡᠬᠦ ᠦᠭᠡᠢ ᠲᠠᠯ᠎ᠠ ᠳᠤ ᠵᠥᠪ ᠢᠶᠠᠷ ᠬᠠᠨᠳᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠢ᠃ ᠲᠦᠷᠪᠡ ᠳᠤ ᠭᠤᠣᠯᠳᠠᠯᠭ᠎ᠠ ᠶᠢ ᠲᠤᠪᠤᠶᠢᠯᠭᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ  ᠬᠡᠷᠡᠭᠲᠡᠢ ᠭᠡᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号