ᠬᠠᠶᠢᠷᠤᠪ ᠤᠨ ᠲᠤᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ︽ᠴᠢᠩᠭ᠎ᠠ︾ ᠪᠠᠶᠢᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ ᠬᠤᠭᠤᠴᠠᠭ᠎ᠠ ᠰᠣᠯᠢᠬᠤ ᠬᠡᠪ ᠰᠤᠷᠲᠠᠯ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2021/12/17
     ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠠᠵᠢᠯ ᠢ ᠡᠬᠢᠯᠡᠭᠦᠯᠦᠭᠰᠡᠨ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ︽ᠴᠢᠩᠭ᠎ᠠ︾ ᠪᠠᠶᠢᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠤᠭᠤᠴᠠᠭ᠎ᠠ ᠰᠣᠯᠢᠬᠤ ᠬᠡᠪ ᠰᠤᠷᠲᠠᠯ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠠᠵᠢᠯ ᠤᠨ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠵᠠᠢ᠃    ︽ᠴᠢᠩᠭ᠎ᠠ︾ ᠪᠠᠶᠢᠷᠢᠯᠠᠭᠤᠯᠤᠯᠲᠠ ᠬᠢᠪᠡ᠃ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠤᠭᠤᠴᠠᠭ᠎ᠠ ᠰᠣᠯᠢᠬᠤ ᠠᠵᠢᠯ ᠢ ᠲᠤᠰᠬᠠᠶ ᠰᠡᠳᠦᠪ ᠢᠶᠠᠷ ᠰᠤᠳᠤᠯᠤᠨ ᠪᠠᠶᠢᠷᠢᠯᠠᠭᠤᠯᠵᠤ᠂ ᠬᠤᠯᠪᠣᠭᠳᠠᠯ ᠪᠥᠬᠦᠶ ︽ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠤᠨ ᠲᠤᠬᠠᠶ ᠮᠡᠳᠡᠭᠡᠯᠡᠯ︾᠎ ᠢ ᠴᠠᠭ ᠲᠤᠬᠠᠶ ᠳᠤᠨᠢ ᠤᠯᠠᠮᠵᠢᠯᠠᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ︽ᠠᠷᠪᠠ ᠶᠢ ᠴᠢᠩᠭ᠎ᠠ ᠴᠠᠭᠠᠵᠠᠯᠠᠬᠤ︾ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠲᠣᠳᠣᠷᠬᠠᠶ ᠲᠣᠭᠲᠠᠭᠠᠪᠠ᠃ 7 ᠪᠠᠯᠭᠠᠰᠤ᠂ ᠬᠡᠷᠡᠭ ᠡᠷᠬᠢᠯᠡᠬᠦ ᠭᠠᠵᠠᠷ ᠤᠨ ᠰᠠᠬᠢᠯᠭ᠎ᠠ ᠪᠠᠲᠤ ︵ᠠᠵᠢᠯᠴᠢᠨ︶᠎ ᠶᠢᠨ ᠺᠣᠮᠢᠰ ᠢ ᠨᠢᠭᠡᠳᠦᠯᠲᠡᠶ ᠲᠥᠯᠥᠪᠯᠡᠵᠦ᠂ ︽ᠪᠠᠭ ᠤᠨ ᠪᠦᠷᠢᠯᠳᠦᠬᠦᠨ + ᠬᠠᠷᠢᠯᠴᠠᠬᠤ ᠰᠠᠯᠠᠭ᠎ᠠ ᠲᠠᠰᠤᠭ + ᠪᠠᠯᠭᠠᠰᠤᠨ ᠤ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ︵ᠠᠵᠢᠯᠴᠢᠨ︶᠎ ᠶᠢᠨ ᠺᠣᠮᠢᠰ︾᠎ ᠤᠨ ᠬᠠᠮᠲᠤᠷᠠᠨ ᠰᠢᠪᠠᠳᠠᠨ ᠪᠠᠶᠢᠴᠠᠭᠠᠬᠤ ᠵᠠᠭᠪᠤᠷ ᠢ ᠪᠤᠢ ᠪᠣᠯᠭᠠᠵᠤ᠂ ᠡᠯ᠎ᠡ ᠰᠣᠩᠭᠤᠭᠤᠯᠢ ᠶᠢᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠨᠡᠶᠢᠳᠡᠮ ᠬᠡᠷᠡᠭᠵᠢᠭᠦᠯᠪᠡ᠃ ᠣᠳᠣᠬᠠᠨ ᠳᠤ᠂ 24 ᠡᠯ᠎ᠡ ᠲᠥᠷᠥᠯ ᠤᠨ ᠠᠰᠠᠭᠤᠳᠠᠯ ᠢ ᠢᠯᠡᠷᠡᠭᠦᠯᠵᠦ᠂ ᠨᠢᠭᠡᠨᠲᠡ ᠪᠦᠬᠦᠨ ᠢ ᠰᠢᠪᠠᠳᠠᠨ ᠴᠡᠭᠴᠡᠯᠡᠵᠦ ᠳᠠᠭᠤᠰᠬᠠᠪᠠ᠃    ︽ᠴᠢᠩᠭ᠎ᠠ︾᠎ ᠪᠠᠷ ᠤᠷᠢᠳᠴᠢᠯᠠᠨ ᠰᠡᠷᠭᠡᠶᠢᠯᠡᠨ᠎ᠡ᠃  ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠰᠠᠨᠠᠭᠤᠯᠤᠮᠵᠢ ᠶᠢᠨ ᠵᠠᠬᠢᠳᠠᠯ᠂ ᠰᠠᠨᠠᠭᠤᠯᠤᠮᠵᠢ ᠶᠢᠨ ᠣᠬᠤᠷ ᠮᠡᠳᠡᠭᠡ ᠶᠠᠪᠤᠭᠤᠯᠬᠤ ᠵᠡᠷᠭᠡ ᠪᠠᠷ ᠳᠠᠮᠵᠢᠭᠤᠯᠤᠨ ᠨᠠᠮ ᠤᠨ ᠭᠡᠰᠢᠭᠦᠨ᠂ ᠣᠯᠠᠨ ᠲᠦᠮᠡᠨ ᠳᠤ ᠬᠤᠭᠤᠴᠠᠭ᠎ᠠ ᠰᠣᠯᠢᠬᠤ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠭᠤᠯᠵᠤ᠂ ᠬᠤᠭᠤᠴᠠᠭ᠎ᠠ ᠰᠣᠯᠢᠬᠤ ᠵᠢᠷᠤᠮ ᠢ ᠪᠥᠬᠦ ᠲᠠᠯ᠎ᠠ ᠪᠠᠷ ᠡᠵᠡᠮᠰᠢᠭᠦᠯᠬᠦ ᠪᠠᠷ ᠬᠥᠲᠥᠯᠦᠨ ᠵᠢᠯᠣᠭᠤᠳᠪᠠ᠃ ᠣᠳᠣᠬᠠᠨ ᠪᠣᠯᠲᠠᠯ᠎ᠠ᠂ ᠨᠡᠶᠢᠳᠡ 8 ᠪᠦᠯᠦᠭ 52 ᠬᠥᠮᠦᠨ ᠤᠳᠠᠭ᠎ᠠ ᠶᠢᠨ ᠶᠠᠷᠢᠯᠴᠠᠭ᠎ᠠ ᠥᠷᠨᠢᠭᠦᠯᠵᠦ ᠰᠠᠨᠠᠭᠤᠯᠵᠠᠢ᠃    ᠪᠣᠭᠤᠮᠲᠠ ᠶᠢ ︽ᠴᠢᠩᠭ᠎ᠠ︾ ᠠᠳᠬᠤᠨ᠎ᠠ᠃ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠭᠤᠮᠲᠠ ᠶᠢ ᠤᠷᠤᠭᠰᠢ ᠰᠢᠯᠵᠢᠭᠦᠯᠵᠦ᠂ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠳᠤ ᠬᠢᠨᠠᠯᠲᠠ ᠲᠠᠯᠪᠢᠬᠤ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠢᠱᠢᠭᠳᠡᠭᠴᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠢᠨᠠᠨ ᠪᠠᠶᠢᠴᠠᠭᠠᠯᠲᠠ ᠶᠢ ᠴᠢᠩᠭᠠᠳᠬᠠᠨ᠂ ᠬᠤᠭᠤᠴᠠᠭ᠎ᠠ ᠰᠣᠯᠢᠬᠤ ᠵᠢᠱᠢᠭᠳᠡᠭᠴᠢ ᠶᠢᠨ ᠤᠯᠤᠰ ᠲᠥᠷᠥ ᠶᠢᠨ ᠪᠣᠭᠤᠮᠲᠠ᠂ ᠵᠠᠩ ᠰᠤᠷᠲᠠᠯ ᠤᠨ ᠪᠣᠭᠤᠮᠲᠠ᠂ ᠰᠤᠷᠲᠠᠯ ᠤᠨ ᠪᠣᠭᠤᠮᠲᠠ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠣᠭᠤᠮᠲᠠ ᠶᠢ ᠴᠢᠩᠭ᠎ᠠ ᠠᠳᠬᠤᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃ ᠣᠲᠣ ᠪᠣᠯᠲᠠᠯ᠎ᠠ᠂ 636 ᠲᠥᠯᠥᠭᠡᠯᠡᠭᠴᠢ ᠶᠢᠨ ᠵᠢᠱᠢᠭᠳᠡᠭᠴᠢ ᠳᠤ ᠨᠢᠭᠡ ᠨᠢᠭᠡ ᠪᠠᠷ ︽ᠪᠡᠶ᠎ᠡ ᠶᠢᠨ ᠪᠠᠶᠢᠴᠠᠭᠠᠯᠲᠠ︾ ᠬᠢᠵᠦ᠂ ︽ᠡᠪᠡᠳᠴᠢᠨ︾᠎ ᠲᠠᠢ ᠰᠣᠩᠭᠤᠭᠤᠯᠢ ᠳᠤ ᠣᠷᠣᠯᠴᠠᠬᠤ ᠶᠢ ᠡᠬᠢ ᠡᠭᠦᠰᠦᠯ ᠠᠴᠠ ᠨᠢ ᠲᠠᠰᠤ ᠵᠣᠭᠰᠣᠭᠠᠵᠤ᠂ ᠬᠤᠭᠤᠴᠠᠭ᠎ᠠ ᠰᠣᠯᠢᠬᠤ ᠠᠵᠢᠯ ᠤᠨ ᠲᠥᠪ ᠴᠢᠬᠡᠴᠢ ᠪᠠᠶᠢᠬᠤ ᠶᠢ ᠦᠨᠡᠨ ᠬᠦ ᠪᠠᠲᠤᠯᠠᠪᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号