ᠬᠠᠶᠢᠷᠤᠪ ᠤᠨ ᠲᠤᠬᠤᠢ ᠲᠣᠭᠤᠷᠢᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ
ᠨᠡᠶᠢᠲᠡᠯᠡᠭᠰᠡᠨ ᠴᠠᠭ᠄
2021/12/2
     ᠬᠠᠶᠢᠷᠤᠪ ᠤᠨ ᠲᠤᠬᠤᠢ ᠲᠣᠭᠤᠷᠢᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠬᠤ ᠶᠢᠨ ᠲᠥᠯᠥᠭᠡ᠂ 11 ᠰᠠᠷ᠎ᠠ ᠶᠢᠨ 25᠎ ᠤ ᠡᠳᠦᠷ ᠲᠥᠪᠯᠡᠷᠡᠩᠭᠦᠢ ᠰᠤᠷᠤᠯᠴᠠᠯᠭ᠎ᠠ ᠥᠷᠨᠢᠭᠦᠯᠵᠡᠢ᠃ ᠤᠯᠠᠨ ᠢᠶᠠᠷ ᠢᠶᠠᠨ ᠰᠤᠷᠤᠯᠴᠠᠯᠭ᠎ᠠ ᠪᠠᠷ ᠲᠠᠮᠵᠢᠨ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡ ᠶᠢᠨ ᠲᠤᠷᠰᠢᠯᠭ᠎ᠠ ᠵᠢᠴᠢ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡ ᠶᠢᠨ ᠲᠤᠷᠰᠢᠯᠭ᠎ᠠ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ ᠶᠢ ᠡᠷᠭᠢᠴᠡᠭᠦᠯᠪᠡ᠃        ᠪᠥᠬᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠪᠠ ᠭᠤᠣᠯ ᠴᠢᠬᠤᠯᠠ ᠠᠭᠤᠯᠭ᠎ᠠ ᠶᠢ ᠭᠦᠨᠵᠡᠭᠡᠶ ᠣᠶᠢᠯᠠᠭᠠᠵᠤ᠂ ᠰᠢᠨ᠎ᠡ ᠠᠶᠠᠨ ᠵᠠᠮ ᠳᠤ᠂ ᠪᠢᠳᠡ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠳᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠦᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠨᠠᠮ ᠤᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡ ᠶᠢᠨ ᠠᠭᠤᠤ ᠦᠢᠯᠡᠰ ᠢ ᠲᠠᠰᠤᠷᠠᠯᠲᠠ ᠦᠭᠡᠢ ᠲᠦᠯᠬᠢᠨ ᠤᠷᠤᠭᠰᠢᠯᠠᠭᠤᠯᠬᠤ ᠬᠡᠷᠡᠭᠲᠡᠢ︕        ᠰᠤᠷᠤᠯᠴᠠᠯᠭ᠎ᠠ ᠶᠢᠨ ᠬᠤᠷᠠᠯ ᠠᠴᠠ᠂ ᠳᠠᠷᠠᠭᠠᠴᠢ ᠶᠢᠨ ᠠᠯᠬᠤᠮ ᠳᠤ ᠨᠢᠭᠡ ᠳᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠨᠠᠷᠢᠨ ᠰᠤᠷᠤᠯᠴᠠᠵᠤ᠂ ᠪᠣᠳᠠᠲᠠᠢ ᠠᠴᠠ ᠰᠤᠷᠤᠯᠴᠠᠵᠤ᠂ ᠭᠠᠷᠠᠭ ᠪᠦᠷᠢ ᠶᠢᠨ ᠲᠦᠷᠪᠡᠨ ᠳᠤ ᠲᠥᠪᠯᠡᠷᠡᠭᠦᠯᠦᠨ ᠰᠤᠷᠤᠯᠴᠠᠬᠤ ᠲᠠᠢ ᠤᠶᠠᠯᠳᠤᠭᠤᠯᠵᠤ᠂ ᠲᠥᠯᠥᠪᠯᠡᠭᠡ ᠲᠠᠢ᠂ ᠳᠤᠬᠢᠷᠠᠭᠤᠯᠤᠯᠳᠠ ᠲᠠᠢ ᠪᠠᠷ ᠰᠤᠷᠤᠯᠴᠠᠬᠤ ᠬᠡᠷᠡᠭᠲᠡᠢ ᠭᠡᠵᠦ ᠱᠠᠭᠠᠷᠳᠠᠪᠠ᠃ ᠬᠤᠶᠠᠷ ᠲᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠴᠢᠬᠤᠯᠠ ᠠᠭᠤᠯᠭ᠎ᠠ ᠶᠢ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠠᠵᠢᠯ ᠲᠠᠢ ᠤᠶᠠᠯᠳᠤᠭᠤᠯᠵᠤ᠂ ᠰᠤᠷᠤᠭᠰᠠᠨ᠂ ᠰᠡᠳᠬᠢᠭᠰᠡᠨ ᠢᠶᠠᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠭᠡᠷ ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ ᠳᠤ ᠬᠡᠷᠡᠭᠯᠡᠨ᠎ᠡ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号