ᠬᠠᠶᠢᠷᠤᠪ ᠤᠨ ᠲᠤᠬᠤᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠤᠪᠴᠢᠶ᠎ᠠ ᠠᠵᠢᠯ ᠣᠯᠭᠤᠬᠤ ᠳᠠᠳᠤᠯᠭ᠎ᠠ ᠶᠢᠨ ᠰᠠᠭᠤᠷᠢᠨ ᠭᠠᠵᠠᠷ ᠢ ᠮᠠᠭᠠᠳᠯᠠᠨ ᠲᠣᠭᠲᠠᠭᠠᠬᠤ ᠠᠵᠢᠯ ᠢ ᠦᠷᠨᠢᠭᠦᠯᠪᠡ
ᠨᠡᠶᠢᠲᠡᠯᠡᠭᠰᠡᠨ ᠴᠠᠭ᠄
2021/12/2
     ᠮᠠᠨ ᠤ ᠲᠤᠭᠤᠷᠢᠭ ᠤᠨ ᠠᠵᠢᠯ ᠣᠯᠭᠤᠯᠲᠠ ᠶᠢᠨ ᠳᠠᠳᠤᠯᠭ᠎ᠠ ᠶᠢᠨ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠳᠠᠳᠤᠯᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠳᠠᠳᠤᠯᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ︵ᠵᠠᠯᠠᠭᠤᠴᠤᠳ︶᠎ ᠢ ᠬᠠᠪᠰᠤᠷᠤᠨ ᠠᠵᠢᠯ ᠤᠯᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠪᠠ ᠠᠵᠢᠯ ᠠᠯᠳᠠᠭᠰᠠᠳ ᠤᠨ ᠬᠠᠮᠤᠭ ᠶᠡᠭᠡ ᠬᠡᠮᠵᠢᠶ᠎ᠡ ᠪᠠᠷ ᠠᠵᠢᠯ ᠤᠯᠬᠤ ᠶᠢ ᠠᠬᠢᠭᠤᠯᠵᠤ᠂ ᠡᠯ᠎ᠡ ᠲᠥᠷᠥᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠴᠢᠨ ᠬᠡᠷᠡᠭᠯᠡᠬᠦ ᠳᠤ ᠬᠦᠴᠢᠷᠲᠡᠶ ᠪᠠᠶᠢᠭ᠎ᠠ ᠪᠣᠳᠠᠲᠠᠶ ᠠᠰᠠᠭᠤᠳᠠᠯ ᠢ  ᠰᠢᠢᠤᠡᠪᠤᠷᠢᠯᠡᠬᠦ ᠶᠢ ᠪᠦᠬᠦ ᠬᠦᠴᠦᠨ ᠢᠶᠠᠷ ᠳᠡᠮᠵᠢᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠠᠵᠢᠯ ᠣᠯᠭᠤᠯᠲᠠ ᠶᠢᠨ ᠳᠠᠳᠤᠯᠭ᠎ᠠ ᠶᠢᠨ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠲᠠᠷᠬᠠᠭᠠᠭᠰᠠᠨ ︹2019﹈ 14 ᠳ᠋ᠦᠭᠡᠷ ᠲᠣᠭᠠᠲᠤ︶᠎ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠨᠡᠯᠢᠶᠡᠳ ᠴᠢᠩᠭ᠎ᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠲᠠᠢ᠂ ᠬᠠᠮᠢᠶᠠᠷᠤᠯᠲᠠ ᠶᠢᠨ ᠵᠢᠷᠤᠮᠵᠢᠯ ᠲᠠᠢ᠂ ᠵᠣᠬᠢᠬᠤ ᠲᠣᠭᠠᠨ ᠤ ᠳᠠᠳᠤᠯᠭ᠎ᠠ ᠶᠢᠨ ᠠᠵᠢᠯ ᠤᠨ ᠪᠠᠶᠢᠷᠢ ᠶᠢ ᠦᠷᠭᠦᠯᠵᠢᠯᠡᠨ ᠬᠠᠩᠭᠠᠵᠤ ᠳᠡᠶᠢᠯᠬᠦ᠂ ᠬᠡᠪᠴᠢᠶ᠎ᠡ ᠪᠠᠷ ᠨᠡᠯᠢᠶᠡᠳ ᠶᠡᠭᠡ ᠪᠥᠭᠡᠳ ᠵᠣᠬᠢᠬᠤ ᠨᠡᠶᠢᠭᠡᠮ ᠤᠨ ᠨᠥᠯᠥᠭᠡᠯᠡᠬᠦ ᠬᠦᠴᠦᠨ ᠲᠠᠢ ᠠᠵᠤ ᠠᠬᠤᠶᠢᠯᠠᠯ ᠠᠵᠢᠯ ᠤᠶᠢᠯᠡᠰ ᠤᠨ ᠨᠢᠭᠡᠴᠡ ᠪᠠᠷ ᠳᠠᠳᠤᠯᠭ᠎ᠠ ᠶᠢᠨ ᠰᠠᠭᠤᠷᠢᠨ ᠭᠠᠵᠠᠷ ᠢ ᠦᠨᠡᠮᠰᠢᠬᠦ ᠪᠠᠷᠢᠮᠵᠢᠶ᠎ᠠ ᠪᠣᠯᠭᠠᠨ᠎ᠠ᠃ ᠣᠶᠢᠷ᠎ᠠ ᠳᠤ᠂ ᠬᠥᠮᠦᠨ ᠬᠡᠷᠡᠭᠯᠡᠬᠦ ᠨᠢᠭᠡᠴᠡ ᠭᠤᠶᠤᠴᠢᠯᠠᠬᠤ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ ᠬᠢᠨᠠᠨ ᠬᠠᠷᠭᠤᠭᠤᠯᠬᠤ᠂ ᠮᠠᠭᠠᠳᠯᠠᠨ ᠲᠣᠭᠲᠠᠭᠠᠬᠤ ᠵᠡᠷᠭᠡ ᠵᠢᠷᠤᠮ ᠢᠶᠠᠷ ᠳᠠᠮᠵᠢᠭᠤᠯᠤᠨ᠂ ᠦᠬᠠᠶ ᠶᠢᠨ ᠸᠠᠨ ᠳ᠋ᠠ ᠲᠠᠯᠠᠪᠠᠶ ᠶᠢᠨ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠵᠡᠷᠭᠡ 12 ᠠᠵᠤ ᠠᠬᠤᠶᠢᠯᠠᠯ ᠠᠵᠢᠯ ᠤᠶᠢᠯᠡᠰ ᠤᠨ ᠨᠢᠭᠡᠴᠡ ᠶᠢ ᠬᠠᠶᠢᠷᠤᠪ ᠤᠨ ᠲᠣᠬᠤᠶ ᠶᠢᠨ ᠲᠣᠭᠤᠷᠢᠭ ᠤᠨ ᠵᠠᠯᠠᠭᠤᠴᠤᠳ ᠤᠨ ᠠᠵᠢᠯ ᠣᠯᠭᠤᠯᠲᠠ ᠶᠢᠨ ᠳᠠᠳᠤᠯᠭ᠎ᠠ ᠶᠢᠨ ᠰᠠᠭᠤᠷᠢᠨ ᠭᠠᠵᠠᠷ ᠢᠶᠠᠷ ᠲᠣᠭᠲᠠᠭᠠᠪᠠ᠃ ᠤᠳᠤ ᠪᠣᠯᠲᠠᠯ᠎ᠠ᠂ ᠬᠠᠶᠢᠷᠤᠪ ᠤᠨ ᠲᠤᠬᠤᠢ ᠶᠢᠨ ᠲᠣᠭᠤᠷᠢᠭ ᠲᠤ ᠵᠠᠯᠠᠭᠤᠴᠤᠳ ᠤᠨ ᠠᠵᠢᠯ ᠣᠯᠭᠤᠯᠲᠠ ᠶᠢᠨ ᠳᠠᠳᠤᠯᠭ᠎ᠠ ᠶᠢᠨ ᠰᠠᠭᠤᠷᠢᠨ ᠭᠠᠵᠠᠷ 23 ᠪᠤᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号