︽ᠨᠣᠭᠤᠭᠠᠨ ᠪᠠᠮᠪᠠᠶ︾᠎ ᠳᠤ ᠬᠤᠯᠪᠣᠭᠳᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠠᠭᠤᠳᠠᠯ ᠤᠨ ᠴᠡᠭ ᠪᠠᠶᠢᠷᠢ ᠶᠢ ᠨᠢᠭᠡᠨᠲᠡ ᠬᠦᠴᠦᠨ ᠦᠭᠡᠶ ᠪᠣᠯᠭᠠᠪᠠ
ᠨᠡᠶᠢᠲᠡᠯᠡᠭᠰᠡᠨ ᠴᠠᠭ᠄
2021/12/2
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠨᠣᠭᠤᠭᠠᠨ ᠪᠠᠮᠪᠠᠶ 2017᠂ 2018᠂ 2019︾᠎ ᠶᠢᠨ ᠠᠰᠠᠭᠤᠳᠠᠯ ᠤᠨ ᠡᠬᠡ ᠳᠠᠩᠰᠠ ᠶᠢ ᠦᠨᠳᠦᠰᠦᠯᠡᠪᠡᠯ᠂ ᠬᠠᠶᠢᠷᠤᠪ ᠤᠨ ᠲᠤᠬᠤᠢ ᠲᠣᠭᠤᠷᠢᠭ ᠤᠨ 4 ᠠᠵᠤ ᠦᠢᠯᠡᠳᠪᠦᠷᠢ ᠶᠢᠨ ᠠᠵᠤ ᠠᠬᠤᠶᠢᠯᠠᠯ ᠪᠠᠷᠠᠭᠤᠨ ᠤᠷᠳᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠪᠤᠢ᠂ ᠲᠤᠰ ᠲᠤᠰ᠄ ᠦᠬᠠᠢ ᠬᠤᠳᠠ ᠶᠢᠨ ᠴᠡᠭᠡᠯ ᠠᠭᠤᠯᠠ ᠪᠤᠯᠤᠳ ᠲᠡᠮᠦᠷ ᠤᠨ ᠬᠢᠵᠠᠭᠠᠷᠲᠤ ᠺᠣᠮᠫᠠᠨᠢ ᠶᠢᠨ 30 ᠲᠦᠮᠡᠨ ᠲᠣᠨ ᠤ ᠬᠦᠳᠡᠷ ᠰᠢᠯᠢᠬᠦ ᠦᠢᠯᠡᠳᠪᠦᠷᠢ᠂ ᠥᠪᠥᠷ ᠮᠣᠩᠭᠤᠯ ᠤᠨ ᠸᠠᠨ ᠴᠧᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠴᠢᠶᠠᠨ ᠹᠧᠩ ᠱᠦᠢᠨᠢ ᠶᠢᠨ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠸᠠᠨ ᠴᠧᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠪᠠᠢ ᠬᠤᠢ ᠶᠣᠣ᠂ ᠦᠬᠠᠢ ᠬᠤᠳᠠ ᠶᠢᠨ ᠢ ᠹᠧᠩ ᠲᠠᠸᠠᠷ ᠤᠨ ᠪᠧᠲᠤᠨ ᠤ ᠬᠢᠵᠠᠭᠠᠷᠲᠤ ᠺᠣᠮᠫᠠᠨᠢ ᠪᠣᠯᠤᠨ᠎ᠠ᠃      2018 ᠣᠨ ᠤ 9 ᠳ᠋ᠦᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠳᠣᠰ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠦᠬᠠᠶ ᠶᠢᠨ ᠬᠠᠷᠢᠶ᠎ᠠ ᠣᠷᠣᠨ ᠤ ᠵᠠᠭᠠᠭ ᠬᠠᠶᠢᠭᠰᠠᠨ ᠦᠷ᠎ᠡ ᠪᠦᠲᠦᠭᠡᠯ ᠢ ᠢᠯᠡ ᠨᠡᠶᠢᠲᠡᠯᠡᠬᠦ ᠶᠢᠨ ᠬᠠᠮᠲᠤ ᠢᠯᠡ ᠨᠡᠶᠢᠲᠡᠯᠡᠵᠦ ᠵᠠᠭᠠᠭ ᠬᠠᠶᠢᠭᠰᠠᠨ ᠦᠷ᠎ᠡ ᠳ᠋ᠦᠩ ᠢ ᠠᠯᠪᠠᠨ ᠪᠢᠴᠢᠭ ᠶᠠᠪᠤᠭᠤᠯᠬᠤ ᠶᠢ ᠤᠯᠤᠰ ᠤᠨ ᠠᠮᠢ ᠠᠬᠤᠶ ᠣᠷᠴᠢᠨ ᠲᠣᠭᠤᠷᠢᠨ ᠤ ᠶᠠᠮᠤᠨ ᠳᠤ ᠮᠡᠳᠡᠭᠦᠯᠦᠨ ᠳᠠᠩᠰᠠᠯᠠᠭᠤᠯᠪᠠ᠃ ᠵᠠᠷᠯᠠᠨ ᠨᠡᠶᠢᠲᠡᠯᠡᠭᠰᠡᠨ ᠪᠠᠶᠢᠷᠢᠰᠢᠯ ᠤᠨ ᠴᠡᠭ ᠢ ᠦᠨᠳᠦᠰᠦᠯᠡᠪᠡᠯ᠂ ᠡᠭᠦᠨ ᠳᠤ 3 ᠠᠵᠤ ᠠᠬᠤᠶᠢᠯᠠᠯ ᠪᠣᠶ᠄ ᠦᠬᠠᠶ ᠬᠤᠲᠠ ᠶᠢᠨ ᠴᠡᠭᠡᠯ ᠠᠭᠤᠯᠠ ᠪᠣᠯᠣᠳ ᠲᠡᠮᠦᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 30 ᠲᠦᠮᠡᠨ ᠲᠣᠨ ᠤ ᠬᠦᠳᠡᠷ ᠰᠢᠯᠢᠬᠦ ᠤᠶᠢᠯᠡᠤᠡᠪᠤᠷᠢ᠂ ᠥᠪᠥᠷ ᠮᠣᠩᠭᠤᠯ ᠤᠨ ᠸᠠᠨ ᠴᠧᠨ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠴᠢᠶᠠᠨ ᠹᠧᠩ ᠱᠦᠢᠨᠢ ᠶᠢᠨ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠸᠠᠨ ᠴᠧᠨ ᠬᠢᠮᠢ ᠶᠢᠨ ᠠᠵᠤ ᠤᠶᠢᠯᠡᠤᠡᠪᠤᠷᠢ ᠶᠢᠨ ᠬᠢᠵᠠᠭᠠᠷᠲᠤ ᠺᠣᠮᠫᠠᠨᠢ ᠶᠢᠨ ᠪᠠᠶ ᠾᠦᠢ ᠶᠣᠣ ᠨᠢ ᠪᠠᠷᠠᠭᠤᠨ ᠣᠷᠳᠣᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠪᠠᠶᠢᠬᠤ ᠥᠬᠡᠶ ᠭᠡᠳᠡᠭ ᠢ ᠨᠤᠲᠠᠯᠠᠪᠠ᠃ ᠨᠥᠭᠦᠭᠡ ᠨᠢᠭᠡ ᠠᠵᠤ ᠠᠬᠤᠶᠢᠯᠠᠯ᠄ ᠦᠬᠠᠶ ᠬᠤᠲᠠ ᠶᠢᠨ ᠢ ᠹᠧᠩ ᠲᠠᠸᠠᠷ ᠤᠨ ᠪᠤᠲ᠋ᠤᠨ ᠤ ᠬᠢᠵᠠᠭᠠᠷᠲᠤ ᠺᠣᠮᠫᠠᠨᠢ ᠨᠢ ᠲᠣᠨᠤᠭ ᠲᠥᠬᠦᠭᠡᠷᠦᠮᠵᠢ ᠶᠢ ᠨᠤᠷᠠᠭᠠᠬᠤ᠂ ᠲᠠᠯᠠᠪᠤᠷ ᠭᠠᠵᠠᠷ ᠢ ᠴᠡᠪᠡᠷᠯᠡᠬᠦ᠂ ᠭᠠᠵᠠᠷ ᠰᠢᠷᠣᠶ ᠶᠢ ᠲᠡᠭᠰᠢᠯᠡᠬᠦ ᠠᠵᠢᠯ ᠢ ᠨᠢᠭᠡᠨᠲᠡ ᠬᠢᠵᠦ ᠳᠠᠭᠤᠰᠬᠠᠵᠠᠶ᠃ ᠣᠳᠣ ᠨᠢᠭᠡᠨᠲᠡ ᠬᠠᠮᠠᠭᠠᠯᠠᠯᠲᠠ ᠶᠢᠨ ᠣᠷᠣᠨ ᠠᠴᠠ ᠤᠬᠤᠷᠢᠨ ᠭᠠᠷᠴᠠᠶ᠃      ᠣᠶᠢᠷ᠎ᠠ ᠳᠤ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠠᠵᠤ ᠤᠶᠢᠯᠡᠤᠡᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ᠂ ᠪᠠᠷᠠᠭᠤᠨ ᠣᠷᠳᠣᠰ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠦᠬᠠᠶ ᠶᠢᠨ ᠬᠠᠮᠢᠶᠠᠷᠤᠯᠲᠠ ᠶᠢᠨ ᠲᠣᠪᠴᠢᠶ᠎ᠠ ᠪᠠᠷ ᠪᠦᠷᠢᠯᠳᠦᠭᠰᠡᠨ ᠦᠬᠠᠶ ᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠨᠠᠯᠲᠠ ᠲᠠᠯᠪᠢᠵᠤ ᠵᠣᠬᠢᠴᠠᠭᠤᠯᠬᠤ ᠶᠢ ᠴᠢᠩᠭᠠᠳᠬᠠᠬᠤ ᠤᠳᠤᠷᠢᠳᠬᠤ ᠳᠤᠭᠤᠶᠢᠯᠠᠩ ᠮᠠᠨ ᠤ ᠲᠤᠭᠤᠷᠢᠭ ᠲᠤ ᠬᠤᠯᠪᠣᠭᠳᠠᠭᠰᠠᠨ 4 ᠠᠵᠤ  ᠤᠶᠢᠯᠡᠤᠡᠪᠤᠷᠢ ᠶᠢᠨ ᠠᠵᠤ ᠠᠬᠤᠶᠢᠯᠠᠯ ᠤᠨ ᠬᠠᠮᠠᠭᠠᠯᠠᠯᠲᠠ ᠶᠢᠨ ᠣᠷᠣᠨ ᠠᠴᠠ ᠤᠬᠤᠷᠢᠨ ᠭᠠᠷᠬᠤ ᠠᠵᠢᠯ ᠢ ᠰᠢᠯᠭᠠᠨ ᠠᠪᠤᠭᠰᠠᠨ ᠪᠠᠶᠢᠨ᠎ᠠ᠃ ᠰᠤᠳᠤᠯᠬᠤ ᠪᠠᠷ ᠳᠡᠮᠵᠢᠨ᠂ ᠰᠢᠯᠭᠠᠨ ᠠᠪᠬᠤ ᠳᠤ ᠲᠠᠩᠰᠠ ᠡᠪᠬᠡᠮᠡᠯ ᠦᠨᠳᠦᠰᠦᠨ ᠳᠡᠭᠡᠨ ᠪᠦᠷᠢᠨ ᠭᠦᠢᠴᠡᠤᠡ ᠪᠠᠶᠢᠵᠤ᠂ ᠳᠡᠭᠡᠷᠡᠬᠢ 4 ᠠᠰᠠᠭᠤᠳᠠᠯ ᠲᠠᠢ ᠴᠡᠭ ᠤᠨ ᠣᠷᠣᠨ ᠪᠠᠶᠢᠷᠢ ᠶᠢᠨ ᠳ᠋ᠤᠭᠠᠷ ᠢ ᠬᠠᠰᠤᠵᠤ ᠰᠢᠯᠭᠠᠨ ᠠᠪᠬᠤ ᠳᠤ ᠬᠢᠷᠢ ᠲᠡᠩᠴᠡᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号