ᠬᠠᠶᠢᠷᠤᠪ ᠤᠨ ᠲᠤᠬᠤᠢ ᠲᠤᠭᠤᠷᠢᠭ ᠤᠨ ᠤᠯᠠᠭᠠᠨᠮᠥ᠋ᠴᠢᠷ ᠤᠨ ᠤᠷᠠᠯᠢᠭ ᠤᠨ ᠪᠦᠯᠬᠦᠮ ᠠᠩᠭᠢ ᠡᠬᠢᠯᠡᠪᠡ
ᠨᠡᠶᠢᠲᠡᠯᠡᠭᠰᠡᠨ ᠴᠠᠭ᠄
2021/12/2
   11 ᠰᠠᠷ᠎ᠠ ᠶᠢᠨ 23᠎ ᠤ ᠡᠳᠦᠷ᠂ ᠬᠠᠶᠢᠷᠤᠪ ᠤᠨ ᠲᠤᠬᠤᠢ ᠲᠤᠭᠤᠷᠢᠭ ᠤᠨ ᠤᠯᠠᠭᠠᠨᠮᠥ᠋ᠴᠢᠷ ᠤᠨ ᠤᠷᠠᠯᠢᠭ ᠤᠨ ᠪᠦᠯᠬᠦᠮ ᠬᠠᠶᠢᠷᠤᠪ ᠤᠨ ᠲᠤᠬᠤᠢ ᠲᠤᠭᠤᠷᠢᠭ ᠤᠨ ᠰᠣᠶᠣᠯ ᠤᠨ ᠣᠷᠳᠣᠨ ᠳᠤ ᠠᠩᠭᠢ ᠡᠬᠢᠯᠡᠬᠦ ᠶᠣᠰᠣᠯᠠᠯ ᠶᠠᠪᠤᠭᠤᠯᠪᠠ᠃     ᠤᠷᠠᠯᠢᠭ ᠤᠨ ᠪᠦᠯᠬᠦᠮ ᠤᠨ ᠪᠦᠷᠢᠯᠳᠦᠬᠦᠨ ᠨᠢ ᠭᠤᠣᠯᠳᠠᠭᠤ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ᠂ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠰᠤᠷᠭᠠᠭᠤᠯᠢ ᠶᠢᠨ ᠡᠮᠡᠭᠲᠡᠢ ᠤᠳᠤᠷᠢᠳᠬᠤ ᠺᠠᠳ᠋ᠷᠴᠤᠳ ᠢᠶᠠᠷ ᠪᠦᠷᠢᠯᠳᠦᠵᠦ᠂ ᠨᠠᠶᠢᠷᠠᠯ ᠳᠠᠭᠤᠤ᠂ ᠪᠥᠵᠢᠭ᠂ ᠤᠷᠠᠨ ᠤᠩᠰᠢᠯᠭ᠎ᠠ ᠵᠡᠷᠭᠡ ᠬᠢᠴᠢᠶᠡᠯ ᠣᠷᠣᠵᠤ᠂ ᠬᠠᠶᠢᠷᠤᠪ ᠤᠨ ᠲᠤᠬᠤᠢ ᠲᠤᠭᠤᠷᠢᠭ ᠤᠨ ᠰᠣᠶᠣᠯ ᠤᠨ ᠦᠢᠯᠡᠰ ᠤᠨ ᠪᠦᠳᠦᠭᠡᠨ ᠪᠠᠶᠢᠭᠤᠯᠤᠯᠲᠠ ᠳᠤ ᠬᠤᠪᠢ ᠨᠡᠮᠡᠷᠢ ᠪᠠᠨ ᠦᠵᠡᠭᠦᠯᠬᠦ ᠪᠠᠷ ᠴᠢᠷᠮᠠᠶᠢᠪᠠ᠃     ᠣᠶᠢᠯᠠᠭᠠᠭᠰᠠᠨ ᠢᠶᠠᠷ᠂ ᠬᠠᠶᠢᠷᠤᠪ ᠤᠨ ᠲᠤᠬᠤᠢ ᠲᠤᠭᠤᠷᠢᠭ ᠤᠨ ᠤᠯᠠᠭᠠᠨᠮᠥ᠋ᠴᠢᠷ ᠤᠨ ᠤᠷᠠᠯᠢᠭ ᠤᠨ ᠪᠦᠯᠬᠦᠮ ᠵᠢᠩᠬᠢᠨᠢ ᠪᠠᠷ ᠪᠠᠶᠢᠭᠤᠯᠤᠭᠳᠠᠭᠰᠠᠨ ᠨᠢ ᠪᠥᠬᠦ ᠲᠤᠭᠤᠷᠢᠭ ᠤᠨ ᠡᠮᠡᠭᠲᠡᠶ ᠺᠠᠳ᠋ᠷᠴᠤᠳ ᠲᠤ ᠥᠪᠡᠷ ᠢ ᠪᠠᠨ ᠪᠥᠬᠦ ᠲᠠᠯ᠎ᠠ ᠪᠠᠷ ᠳᠡᠯᠭᠡᠨ ᠦᠵᠡᠭᠦᠯᠬᠦ᠂ ᠦᠵᠡᠯ ᠰᠡᠳᠬᠢᠯᠭᠡ ᠪᠠᠨ ᠪᠣᠯᠪᠠᠰᠤᠷᠠᠭᠤᠯᠬᠤ ᠲᠠᠪᠴᠠᠩ ᠬᠠᠩᠭᠠᠵᠤ᠂ ᠲᠠᠳᠠ ᠠᠵᠢᠯ ᠤᠨ ᠴᠢᠯᠥᠭᠡᠨ ᠤ ᠴᠠᠭ ᠢᠶᠠᠨ ᠠᠰᠢᠭᠯᠠᠨ ᠤᠷᠠᠯᠢᠭ ᠤᠨ ᠬᠥᠭᠡᠭᠡᠴᠡᠯᠳᠦᠯ ᠢᠶᠠᠨ ᠪᠠᠷᠢᠮᠲᠠᠯᠠᠵᠤ᠂ ᠣᠯᠠᠨ ᠲᠦᠮᠡᠨ ᠳᠤ ᠪᠠᠶᠠᠷ ᠪᠠᠶᠠᠰᠤᠯ ᠠᠪᠴᠢᠷᠠᠬᠤ ᠶᠢᠨ ᠬᠠᠮᠲᠤ ᠨᠠᠩ ᠴᠤ ᠥᠪᠡᠷ ᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠠᠶᠢᠷ᠎ᠠ ᠰᠡᠳᠬᠢᠯᠭᠡ ᠲᠠᠢ᠂ ᠤᠷᠠᠯᠢᠭ ᠢ ᠣᠶᠢᠯᠠᠭᠠᠳᠠᠭ ᠠᠷᠠᠳ ᠤᠨ ᠠᠯᠪᠠᠨ ᠵᠠᠷᠤᠴᠠ ᠪᠣᠯᠵᠣ ᠴᠢᠳᠠᠬᠤ ᠪᠣᠯᠵᠠᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号