ᠬᠠᠶᠢᠷᠤᠪ ᠤᠨ ᠲᠤᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠪᠣᠬᠢᠷ ᠤᠰᠤ ᠶᠢ ᠰᠢᠢᠳᠪᠦᠷᠢᠯᠡᠬᠦ ᠶᠠᠪᠤᠳᠠᠯ ᠢ ᠵᠣᠬᠢᠴᠠᠭᠤᠯᠬᠤ ᠲᠤᠬᠠᠢ ᠬᠤᠷᠠᠯ ᠢ ᠬᠢᠪᠡ
ᠨᠡᠶᠢᠲᠡᠯᠡᠭᠰᠡᠨ ᠴᠠᠭ᠄
2021/12/21
     ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠰᠢᠨ᠎ᠡ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠦᠷᠢᠶᠡᠯᠡᠩ ᠲᠣᠭᠤᠷᠢᠭ ᠤᠨ ᠡᠯ᠎ᠡ ᠶᠡᠭᠡ ᠬᠡᠦᠷᠰᠢᠭᠦᠯᠦᠭᠰᠡᠨ ᠠᠵᠤ ᠠᠬᠤᠶᠢᠯᠠᠯ ᠵᠠᠯᠭᠠᠪᠡᠷ ᠭᠠᠷᠤᠯᠲᠠ ᠶᠢᠨ ᠬᠡᠮᠵᠢᠶ᠎ᠡ ᠶᠢ ᠬᠢᠵᠠᠭᠠᠷᠯᠠᠪᠠ᠃ ᠡᠪᠦᠯ ᠤᠨ ᠤᠯᠠᠷᠢᠯ ᠳᠤ ᠤᠷᠤᠭᠰᠠᠨ ᠠᠴᠠ ᠨᠠᠰᠢ᠂ ᠬᠦᠷᠢᠶᠡᠯᠡᠩ ᠲᠣᠭᠤᠷᠢᠭ ᠤᠨ ᠡᠯ᠎ᠡ ᠠᠵᠤ ᠠᠬᠤᠶᠢᠯᠠᠯ ᠤᠨ ᠬᠥᠯᠳᠡᠬᠦ ᠠᠴᠠ ᠰᠡᠷᠭᠡᠶᠢᠯᠡᠬᠦ ᠤᠰᠤ᠂ ᠴᠠᠷᠴᠠᠬᠤ ᠤᠰᠤ ᠵᠡᠷᠭᠡ ᠨᠢ ᠴᠥᠮ ᠪᠣᠬᠢᠷ ᠤᠰᠤᠨ ᠤ ᠰᠢᠰᠲ᠋ᠧᠮ ᠳᠤ ᠣᠷᠣᠵᠤ᠂ ᠢᠷᠡᠬᠦ ᠤᠰᠤ ᠶᠢ ᠨᠡᠮᠡᠭᠳᠡᠭᠦᠯᠵᠡᠶ᠃ ᠡᠭᠦᠨ ᠤ ᠬᠠᠮᠲᠤ ᠬᠡᠦᠷᠰᠢᠭᠦᠯᠬᠦ ᠠᠵᠤ ᠠᠬᠤᠶᠢᠯᠠᠯ ᠤᠨ ᠭᠠᠷᠤᠯᠲᠠ ᠶᠢ ᠬᠢᠵᠠᠭᠠᠷᠯᠠᠭᠰᠠᠨ ᠠᠴᠠ ᠬᠡᠦᠷᠰᠢᠭᠦᠯᠬᠦ ᠬᠡᠮᠵᠢᠶ᠎ᠡ ᠨᠢ ᠪᠠᠭᠠᠰᠴᠤ᠂ ᠡᠭᠦᠨ ᠤ ᠳᠠᠭᠠᠤ ᠳᠤ ᠤᠰᠤ ᠬᠡᠷᠡᠭᠯᠡᠬᠦ ᠬᠡᠮᠵᠢᠶ᠎ᠡ ᠨᠢ ᠴᠦ ᠪᠠᠭᠠᠰᠤᠨ᠎ᠠ᠃ ᠪᠤᠴᠠᠬᠤ ᠤᠰᠤ ᠨᠢ ᠪᠠᠭᠠᠰᠴᠤ᠂ ᠢᠷᠡᠬᠦ ᠤᠰᠤ ᠨᠢ ᠨᠡᠮᠡᠭᠳᠡᠨ᠂ ᠪᠣᠬᠢᠷ ᠤᠰᠤ  ᠰᠢᠢᠤᠡᠪᠤᠷᠢᠯᠡᠬᠦ ᠦᠢᠯᠡᠳᠪᠦᠷᠢ ᠶᠢᠨ ᠢᠷᠡᠬᠦ ᠤᠰᠤ ᠨᠢ ᠨᠡᠯᠢᠶᠡᠳ ᠠᠷᠪᠢᠨ ᠪᠣᠯᠪᠠ᠃ ᠨᠢᠭᠡ ᠦᠶ᠎ᠡ ᠨᠡᠮᠡᠭᠳᠡᠭᠰᠡᠨ ᠤᠰᠤᠨ ᠤ ᠬᠡᠮᠵᠢᠶ᠎ᠡ ᠨᠢ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠰᠢᠢᠤᠡᠪᠤᠷᠢᠯᠡᠬᠦ ᠦᠢᠯᠡᠳᠪᠦᠷᠢ ᠳᠤ ᠮᠠᠰᠢ ᠶᠡᠭᠡ ᠳᠠᠷᠤᠯᠲᠠ ᠪᠠ ᠳᠠᠷᠤᠭᠠᠰᠤ ᠶᠢ ᠨᠡᠮᠡᠭᠳᠡᠭᠦᠯᠦᠭᠰᠡᠨ ᠠᠴᠠ ᠤᠰᠤᠨ ᠤ ᠲᠡᠩᠴᠡᠭᠦᠷᠢ ᠶᠢ ᠠᠯᠳᠠᠭᠤᠯᠤᠭᠰᠠᠨ ᠪᠠᠶᠢᠨ᠎ᠠ᠃ ᠣᠯᠠᠨ ᠤᠳᠠᠭ᠎ᠠ ᠵᠣᠬᠢᠴᠠᠭᠤᠯᠤᠭᠰᠠᠨ ᠤ ᠳᠠᠷᠠᠭ᠎ᠠ᠂ ᠬᠠᠮᠤᠭ ᠤᠨ ᠶᠡᠭᠡ ᠴᠢᠳᠠᠯ ᠢᠶᠠᠷ ᠢᠶᠠᠨ ᠨᠠᠩ ᠣᠯᠠᠨ ᠤᠰᠤ ᠶᠢ ᠰᠢᠩᠭᠡᠭᠡᠨ ᠠᠪᠬᠤ ᠶᠢᠨ ᠠᠷᠭ᠎ᠠ ᠥᠬᠡᠶ ᠪᠣᠯᠵᠣ᠂ ᠶᠡᠷᠦᠩᠬᠡᠶᠢᠯᠡᠨ ᠪᠣᠯᠪᠠᠰᠤᠷᠠᠭᠤᠯᠬᠤ ᠬᠦᠷᠢᠶᠡᠯᠡᠩ ᠤᠨ ᠳᠣᠲᠣᠷᠠᠬᠢ ᠪᠣᠬᠢᠷ ᠤᠰᠤ ᠶᠢ ᠠᠷᠭ᠎ᠠ ᠪᠤᠰᠤ ᠣᠭᠲᠣᠯᠤᠨ ᠠᠪᠴᠤ᠂ ᠡᠴᠦᠰ ᠲᠡᠭᠡᠨ ᠶᠡᠷᠦᠩᠬᠡᠶᠢᠯᠡᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠭᠠᠳᠠᠭᠰᠢ ᠪᠢᠯᠬᠠᠭᠤᠯᠬᠤ ᠶᠠᠪᠤᠳᠠᠯ ᠢ ᠪᠣᠶ ᠪᠣᠯᠭᠠᠪᠠ᠃    12 ᠰᠠᠷ᠎ᠠ ᠶᠢᠨ 17᠎ ᠤ ᠦᠳᠡ ᠶᠢᠨ ᠡᠮᠦᠨ᠎ᠡ᠂ ᠬᠠᠶᠢᠷᠤᠪ ᠤᠨ  ᠲᠤᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠱᠦᠵᠢ ᠲᠤᠰ ᠶᠠᠪᠤᠳᠠᠯ ᠤᠨ ᠲᠤᠬᠠᠢ ᠬᠠᠮᠢᠶᠠᠷᠤᠯᠲᠠ ᠶᠢᠨ ᠵᠥᠪᠯᠡᠯ ᠤᠨ 2 ᠳ᠋ᠤᠭᠠᠷ ᠳᠠᠪᠬᠤᠷᠭ᠎ᠠ ᠳᠤ ᠬᠤᠷᠠᠯ ᠬᠢᠵᠦ᠂ ᠬᠤᠯᠪᠣᠭᠳᠠᠯ ᠪᠦᠬᠦᠢ ᠬᠡᠦᠷᠰᠢᠭᠦᠯᠬᠦ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠪᠣᠬᠢᠷ ᠤᠰᠤ ᠶᠢ ᠰᠢᠢᠳᠪᠦᠷᠢᠯᠡᠬᠦ ᠶᠠᠪᠤᠳᠠᠯ ᠢ ᠵᠣᠬᠢᠴᠠᠭᠤᠯᠬᠤ ᠲᠤᠬᠠᠢ ᠬᠤᠷᠠᠯ ᠬᠤᠷᠠᠯᠳᠤᠭᠤᠯᠵᠠᠢ᠃ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠹᠧᠩ ᠬᠤᠷᠠᠯ ᠢ ᠡᠷᠬᠢᠯᠡᠵᠦ᠂ ᠬᠦᠷᠢᠶᠡᠯᠡᠩ ᠲᠣᠭᠤᠷᠢᠭ ᠤᠨ ᠳᠡᠳ᠋ ᠡᠷᠬᠢᠯᠡᠭᠴᠢ ᠼᠦᠢ ᠸᠧᠢ᠂ ᠦᠬᠠᠢ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠤᠪᠴᠢᠶ᠎ᠠ ᠶᠢᠨ ᠬᠠᠶᠢᠷᠤᠪ ᠤᠨ  ᠲᠤᠬᠤᠢ ᠶᠢᠨ ᠬᠤᠪᠢᠶᠠᠷᠢ ᠲᠤᠪᠴᠢᠶ᠎ᠠ᠂ ᠮᠧᠩ ᠱᠦᠢ ᠦᠬᠠᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠤᠸᠠ ᠰᠢᠨ ᠨᠡᠭᠦᠷᠡᠰᠦ ᠬᠡᠦᠷᠰᠢᠭᠦᠯᠬᠦ᠂ ᠳ᠋ᠧ ᠱᠧᠩ ᠨᠡᠭᠦᠷᠡᠰᠦ ᠬᠡᠦᠷᠰᠢᠭᠦᠯᠬᠦ᠂ ᠭᠤᠸᠠᠩ ᠨᠠ ᠨᠡᠭᠦᠷᠡᠰᠦ ᠬᠡᠦᠷᠰᠢᠭᠦᠯᠬᠦ᠂ ᠶᠤᠸᠠᠨ ᠲᠦᠩ ᠨᠡᠭᠦᠷᠡᠰᠦ ᠬᠡᠦᠷᠰᠢᠭᠦᠯᠬᠦ᠂ ᠴᠡᠭᠡᠯ ᠠᠭᠤᠯᠠ ᠨᠡᠭᠦᠷᠡᠰᠦ ᠬᠡᠦᠷᠰᠢᠭᠦᠯᠬᠦ ᠵᠢᠴᠢ ᠪᠡᠭᠡᠵᠢᠩ ᠶᠦᠨ ᠲᠦᠩ ᠵᠡᠷᠭᠡ 8 ᠠᠵᠤ ᠠᠬᠤᠶᠢᠯᠠᠯ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ ᠾᠧ ᠹᠧᠩ᠂ ᠪᠢᠳᠡ ᠬᠦᠷᠢᠶᠡᠯᠡᠩ ᠲᠣᠭᠤᠷᠢᠭ ᠤᠨ ᠨᠢᠭᠡ ᠭᠡᠰᠢᠭᠦᠨ ᠪᠣᠯᠤᠭᠰᠠᠨ ᠤ ᠬᠤᠪᠢ ᠳᠤ᠂ ᠬᠦᠷᠢᠶᠡᠯᠡᠩ ᠲᠣᠭᠤᠷᠢᠭ ᠲᠤ ᠪᠠᠶᠢᠳᠠᠭ ᠯᠠ ᠶᠤᠮ ᠪᠣᠯ ᠨᠢᠭᠡ ᠭᠡᠷ ᠤᠨ ᠬᠥᠮᠦᠨ ᠪᠣᠯᠤᠨ᠎ᠠ᠃ ᠣᠳᠣᠬᠠᠨ ᠳᠤ᠂ ᠮᠧᠩ ᠱᠦᠢ ᠦᠬᠠᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠬᠦᠴᠢᠷᠳᠡᠯ ᠲᠤᠯᠭᠠᠷᠠᠪᠠ᠂ ᠪᠢᠳᠡ ᠪᠦᠯᠬᠦᠮᠳᠡᠨ ᠨᠢᠭᠡᠳᠴᠦ᠂ ᠬᠠᠮᠲᠤᠪᠠᠷ ᠬᠦᠴᠦ ᠪᠠᠨ ᠰᠢᠪᠬᠠᠨ ᠮᠧᠩ ᠱᠦᠢ ᠦᠬᠠᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠠᠪᠰᠤᠷᠤᠨ ᠬᠦᠴᠢᠷ ᠢ ᠲᠤᠭᠤᠯᠬᠤ ᠬᠡᠷᠡᠭᠲᠡᠢ᠃ ᠵᠥᠪᠳᠡᠯᠴᠡᠬᠦ ᠪᠠᠷ ᠳᠡᠮᠵᠢᠨ᠂ ᠠᠳᠡ ᠰᠠᠭᠤᠵᠤ ᠪᠠᠶᠢᠭ᠎ᠠ ᠬᠡᠦᠷᠰᠢᠭᠦᠯᠬᠦ ᠠᠵᠤ ᠠᠬᠤᠶᠢᠯᠠᠯ ᠤᠨ ᠡᠷᠦᠬᠡ ᠨᠢᠭᠡᠪᠦᠷᠢ ᠴᠥᠮ ᠮᠧᠩ ᠱᠦᠢ ᠶᠢᠨ ᠦᠬᠠᠶ ᠶᠢᠨ ᠣᠷᠴᠢᠨ ᠠᠬᠤᠶ ᠶᠢᠨ ᠬᠠᠮᠠᠭᠠᠯᠠᠯᠲᠠ ᠳᠤ ᠨᠢᠭᠡ ᠬᠡᠰᠡᠭ ᠪᠤᠴᠠᠯᠲᠠ ᠶᠢᠨ ᠤᠰᠤᠨ ᠤ ᠬᠡᠮᠵᠢᠶ᠎ᠡ ᠶᠢ ᠬᠤᠪᠢᠶᠠᠨ ᠡᠭᠦᠷᠭᠡᠯᠡᠵᠦ᠂ ᠨᠡᠶᠢᠲᠡ 700 ᠪᠣᠰᠤᠭ᠎ᠠ ᠳᠥᠷᠪᠡᠯᠵᠢᠨ ᠮᠧᠲᠷ ᠤᠨ ᠤᠰᠤᠨ ᠤ ᠬᠡᠮᠵᠢᠶ᠎ᠡ ᠶᠢ ᠬᠤᠪᠢᠶᠠᠨ ᠡᠭᠦᠷᠭᠡᠯᠡᠨ᠎ᠡ᠃ ᠠᠵᠤ ᠠᠬᠤᠶᠢᠯᠠᠯ ᠤᠳ ᠤᠰᠤ ᠪᠤᠴᠠᠭᠠᠬᠤ ᠬᠡᠮᠵᠢᠶ᠎ᠡ ᠶᠢ ᠨᠡᠮᠡᠭᠳᠡᠭᠦᠯᠬᠦ᠂ ᠤᠰᠤ ᠢᠷᠡᠬᠦ ᠬᠡᠮᠵᠢᠶ᠎ᠡ ᠶᠢ ᠬᠢᠵᠠᠭᠠᠷᠯᠠᠬᠤ ︽ᠨᠡᠮᠡᠬᠦ ᠬᠠᠰᠤᠬᠤ ᠠᠷᠭ᠎ᠠ︾᠎ ᠶᠢ ᠬᠡᠷᠡᠭᠯᠡᠵᠦ᠂ ᠤᠰᠤᠨ ᠤ ᠦᠢᠯᠡᠳᠪᠦᠷᠢ ᠶᠢ ᠲᠡᠩᠴᠡᠭᠦᠷᠢᠲᠡᠶ ᠪᠣᠯᠭᠠᠬᠤ ᠬᠡᠷᠡᠭᠲᠡᠶ᠃ ᠨᠥᠭᠦᠭᠡ ᠲᠠᠯ᠎ᠠ ᠪᠠᠷ᠂ ᠮᠧᠩ ᠱᠦᠢ ᠦᠬᠠᠶ ᠶᠢᠨ ᠣᠷᠴᠢᠨ ᠠᠬᠤᠶ ᠶᠢᠨ ᠬᠠᠮᠠᠭᠠᠯᠠᠯᠲᠠ ᠳᠤ ᠳᠤᠮᠳᠠ ᠵᠡᠷᠭᠡ ᠶᠢᠨ ᠤᠰᠤᠨ ᠤ ᠪᠦᠷᠬᠦᠭᠦᠯ ᠢ ᠤᠭᠰᠠᠷᠠᠬᠤ ᠠᠵᠢᠯ ᠢ ᠳᠠᠷᠤᠶ ᠲᠦᠷᠭᠡᠨ ᠠᠬᠢᠭᠤᠯᠵᠤ᠂ ᠳᠤᠮᠳᠠ ᠵᠡᠷᠭᠡ ᠶᠢᠨ ᠤᠰᠤ ᠶᠢ ᠰᠢᠢᠤᠡᠪᠤᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠳᠠᠷᠠᠭ᠎ᠠ ᠨᠢ ᠶᠡᠷᠦᠩᠬᠡᠶᠢᠯᠡᠨ ᠪᠣᠯᠪᠠᠰᠤᠷᠠᠭᠤᠯᠬᠤ ᠬᠦᠷᠢᠶᠡᠯᠡᠩ ᠤᠨ ᠳᠣᠲᠣᠷᠠᠬᠢ ᠪᠣᠬᠢᠷ ᠤᠰᠤ ᠶᠢ ᠳᠠᠬᠢᠨ ᠨᠢᠭᠡ ᠤᠳᠠᠭ᠎ᠠ ᠨᠡᠶᠢᠯᠡᠭᠦᠯᠦᠨ ᠣᠷᠣᠭᠤᠯᠬᠤ ᠬᠡᠷᠡᠭᠲᠡᠶ᠃     ᠬᠤᠷᠠᠯ ᠤᠨ ᠡᠴᠦᠰ ᠲᠤ᠂ ᠾᠧ ᠹᠧᠩ ᠱᠦᠵᠢ ᠳᠠᠬᠢᠨᠲᠠ ᠴᠢᠬᠤᠯᠠᠴᠢᠯᠠᠭᠰᠠᠨ ᠨᠢ᠂ ᠲᠣᠰ ᠤᠳᠠᠭᠠᠨ ᠤ ᠬᠡᠷᠡᠭ ᠲᠤ ᠡᠯ᠎ᠡ ᠠᠵᠤ ᠠᠬᠤᠶᠢᠯᠠᠯ ᠡᠷᠬᠡᠪᠰᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠰᠠᠭᠤᠳᠠᠯ ᠢ ᠬᠠᠮᠲᠤ ᠪᠠᠷ ᠰᠢᠢᠤᠡᠪᠤᠷᠢᠯᠡᠬᠦ ᠬᠡᠷᠡᠭᠲᠡᠶ᠃ ᠮᠧᠩ ᠱᠦᠢ ᠦᠬᠠᠢ ᠶᠢᠨ ᠣᠷᠴᠢᠨ ᠲᠣᠭᠤᠷᠢᠨ ᠢ ᠬᠠᠮᠠᠭᠠᠯᠠᠬᠤ ᠳᠤ ᠠᠬᠢᠴᠠ ᠶᠢ ᠭᠤᠣᠯᠳᠠᠯᠭ᠎ᠠ ᠲᠠᠢ ᠠᠳᠬᠤᠵᠤ᠂ 20 ᠠᠵᠢᠯᠯᠠᠬᠤ ᠡᠳᠦᠷ ᠤᠨ ᠳᠣᠲᠣᠷ᠎ᠠ ᠡᠨᠡᠬᠦ ᠶᠠᠪᠤᠳᠠᠯ ᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ  ᠭᠡᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号