ᠬᠠᠶᠢᠷᠤᠪ ᠤᠨ ᠲᠤᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢᠨ ᠵᠠᠳᠠᠯᠤᠯᠲᠠ ᠶᠢᠨ ᠮᠡᠳᠡᠭᠦᠯᠦᠯᠲᠡ ᠶᠢᠨ ᠲᠤᠰᠬᠠᠢ ᠬᠤᠷᠠᠯ ᠢ ᠬᠤᠷᠠᠯᠳᠤᠪᠠ
ᠨᠡᠶᠢᠲᠡᠯᠡᠭᠰᠡᠨ ᠴᠠᠭ᠄
2021/12/21
      2021 ᠣᠨ ᠤ 12 ᠰᠠᠷ᠎ᠠ ᠶᠢᠨ 17᠎ ᠤ ᠡᠳᠦᠷ ᠤᠨ ᠦᠳᠡ ᠶᠢᠨ ᠡᠮᠦᠨᠡᠬᠢ 10᠄ 00 ᠴᠠᠭ ᠲᠤ᠂ ᠬᠠᠶᠢᠷᠤᠪ ᠤᠨ ᠲᠤᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠲᠣᠭᠤᠷᠢᠭ ᠤᠨ ᠵᠠᠰᠠᠭ ᠤᠨ ᠣᠷᠳᠣᠨ ᠤ 319 ᠬᠤᠷᠠᠯ ᠤᠨ ᠬᠡᠷ ᠲᠤ᠂ ᠦᠬᠠᠢ ᠶᠢᠨ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠶᠢᠷᠤᠪ ᠤᠨ ᠲᠤᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠵᠠᠳᠠᠯᠤᠯᠲᠠ ᠶᠢᠨ ᠮᠡᠳᠡᠭᠦᠯᠦᠯᠲᠡ ᠶᠢᠨ ᠲᠤᠰᠬᠠᠢ ᠬᠤᠷᠠᠯ ᠢ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠼᠦᠢ ᠸᠧᠶ ᠡᠷᠭᠢᠯᠡᠵᠦ᠂ ᠬᠤᠲᠠ ᠶᠢᠨ ᠵᠠᠰᠠᠭ ᠬᠠᠤᠯᠢ ᠴᠠᠭᠠᠵᠠ ᠶᠢᠨ ᠬᠤᠷᠢᠶ᠎ᠠ᠂  ᠲᠤᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲ᠊ ‍ᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ᠂ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ᠂ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠲᠣᠭᠤᠷᠢᠭ ᠤᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ᠂ ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠶᠢᠷᠤᠪ ᠤᠨ ᠲᠤᠬᠤᠢ ᠶᠢᠨ ᠬᠤᠪᠢᠶᠠᠷᠢ ᠲᠣᠪᠴᠢᠶ᠎ᠠ᠂ ᠦᠬᠠᠶ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠬᠠᠶᠢᠷᠤᠪ ᠤᠨ ᠲᠤᠬᠤᠢ ᠶᠢᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠵᠡᠷᠭᠡ 12 ᠰᠠᠯᠠᠭ᠎ᠠ ᠮᠥᠴᠢᠷ ᠵᠢᠴᠢ ᠣᠷᠣᠨ ᠲᠣᠭᠠᠨ ᠤ ᠲᠠᠯ᠎ᠠ ᠶᠢᠨ ᠳᠤᠮᠳᠠᠳᠤ ᠤᠯᠤᠰ ᠤᠨ ᠭᠠᠳᠠᠭᠠᠳᠤ ᠳᠤ ᠵᠥᠪᠯᠡᠯᠭᠡ ᠥᠭᠬᠦ ᠬᠢᠵᠠᠭᠠᠷᠲᠤ ᠺᠤᠮᠫᠠᠨᠢ ᠬᠤᠷᠠᠯ ᠲᠤ ᠤᠷᠤᠯᠴᠠᠪᠠ᠂ ᠸᠧᠢ ᠸᠧᠢ᠂ ᠰᠢᠶᠦ᠋ᠩ ᠰᠢᠩ᠂ ᠴᠧᠨ ᠯᠢᠶᠠᠨ᠂ ᠵᠦ ᠢ ᠳ᠋ᠠᠨ᠂ ᠶᠠᠨ ᠶᠢᠨ ᠰᠢᠶᠠ ᠵᠡᠷᠭᠡ ᠲᠠᠪᠤᠨ ᠲᠤᠰᠬᠠᠢ ᠮᠡᠷᠭᠡᠵᠢᠯᠲᠡᠨ ᠰᠦᠯᠵᠢᠶᠡᠨ ᠳᠡᠭᠡᠷᠡᠬᠢ ᠬᠡᠯᠪᠡᠷᠢ ᠪᠠᠷ ᠣᠷᠣᠯᠴᠠᠪᠠ᠃       ᠬᠤᠷᠠᠯ ᠳᠡᠭᠡᠷ᠎ᠡ ᠨᠠᠶᠢᠷᠠᠭᠤᠯᠤᠨ ᠵᠣᠬᠢᠶᠠᠭᠰᠠᠨ ᠲᠠᠯ᠎ᠠ ᠶᠢᠨ ᠯᠢᠦ ᠱᠤᠸᠠᠩ ᠦᠬᠠᠢ ᠶᠢᠨ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠶᠢᠷᠤᠪ ᠤᠨ ᠲᠤᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢᠨ ᠵᠠᠳᠠᠯᠤᠯᠲᠠ ᠶᠢᠨ ᠮᠡᠳᠡᠭᠦᠯᠦᠯᠲᠡ ᠶᠢ ᠲᠠᠨᠢᠯᠴᠠᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠵᠠᠳᠠᠯᠤᠯᠲᠠ ᠶᠢᠨ ᠮᠡᠳᠡᠭᠦᠯᠦᠯᠲᠡ ᠶᠢᠨ ᠲᠤᠬᠠᠢ ᠰᠤᠳᠤᠯᠤᠨ ᠶᠠᠷᠢᠯᠴᠠᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ︔ ᠲᠤᠰᠬᠠᠶ ᠮᠡᠷᠭᠡᠵᠢᠯᠲᠡᠨ ᠵᠠᠳᠠᠯᠤᠯᠲᠠ ᠶᠢᠨ ᠮᠡᠳᠡᠭᠦᠯᠦᠯᠲᠡ ᠶᠢᠨ ᠲᠤᠬᠠᠶ ᠰᠤᠳᠤᠯᠤᠨ ᠶᠠᠷᠢᠯᠴᠠᠬᠤ ᠪᠠ ᠬᠢᠨᠠᠨ ᠰᠢᠯᠭᠠᠷᠠᠭᠤᠯᠬᠤ ᠳᠤ ᠂ ᠨᠠᠶᠢᠷᠠᠭᠤᠯᠤᠨ ᠵᠣᠬᠢᠶᠠᠭᠰᠠᠨ ᠲᠠᠯ᠎ᠠ ᠶᠢᠨ ᠬᠢᠨ ᠢᠯᠡᠷᠬᠡᠶᠢᠯᠡᠬᠦ ᠳᠡᠭᠡᠨ᠂ ᠲᠠᠳᠠ ᠡᠯ᠎ᠡ ᠲᠠᠯ᠎ᠠ ᠶᠢᠨ ᠬᠢᠨ ᠤ ᠰᠠᠨᠠᠭᠤᠯᠭ᠎ᠠ ᠶᠢ ᠢᠳᠡᠪᠬᠢᠲᠡᠶ ᠪᠠᠷ ᠰᠢᠩᠭᠡᠭᠡᠨ ᠠᠪᠴᠤ᠂ ᠬᠦᠷᠢᠶᠡᠯᠡᠩ ᠲᠣᠭᠤᠷᠢᠭ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠲᠡᠭᠦᠯᠳᠡᠷᠵᠢᠭᠦᠯᠦᠨ᠎ᠡ ᠭᠡᠵᠡᠶ᠃      ᠬᠤᠷᠠᠯ ᠤᠨ ᠳᠠᠷᠠᠭ᠎ᠠ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠢᠳᠡᠪᠬᠢᠲᠡᠶ ᠳᠥᠯᠭᠢᠨ ᠠᠬᠢᠭᠤᠯᠵᠤ᠂ ᠨᠠᠶᠢᠷᠠᠭᠤᠯᠤᠨ ᠵᠣᠬᠢᠶᠠᠬᠤ ᠲᠠᠯ᠎ᠠ ᠶᠢᠨ ᠬᠢᠨ ᠲᠠᠢ ᠬᠠᠮᠵᠢᠯᠴᠠᠨ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢᠨ ᠡᠴᠦᠰ ᠤᠨ ᠨᠣᠤᠷᠠᠭ ᠢ ᠨᠠᠶᠢᠷᠠᠭᠤᠯᠤᠨ ᠵᠣᠬᠢᠶᠠᠬᠤ ᠶᠢ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠬᠦ ᠪᠠᠷ ᠴᠢᠷᠮᠠᠶᠢᠨ᠎ᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号