ᠬᠠᠶᠢᠷᠤᠪ ᠤᠨ ᠲᠤᠬᠤᠢ ᠳᠤ ᠰᠦᠢᠳᠬᠡᠯ ᠬᠤᠷᠢᠶᠠᠬᠤ ᠦᠭᠡᠢ ᠪᠠᠷ ᠡᠮ ᠤᠤᠭᠤᠵᠤ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/12/21
     ᠨᠡᠩ ᠤᠯᠠᠨ ᠶᠠᠳᠠᠭᠤ ᠬᠦᠴᠢᠷᠳᠡᠯᠲᠡᠢ ᠤᠶᠤᠨ ᠮᠡᠳᠡᠷᠡᠯ ᠤᠨ ᠵᠡᠮᠳᠡᠭ ᠡᠪᠡᠳᠴᠢᠲᠡᠨ ᠢ ᠴᠠᠭ ᠲᠤᠬᠠᠢ ᠳᠤᠨᠢ ᠵᠢᠷᠤᠮᠵᠢᠯ ᠲᠠᠢ ᠡᠮᠨᠡᠨ ᠵᠠᠰᠠᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠤᠶᠤᠨ ᠮᠡᠳᠡᠷᠡᠯ ᠤᠨ ᠵᠡᠮᠳᠡᠭᠴᠦᠳ ᠲᠤ ᠰᠦᠢᠳᠬᠡᠯ ᠬᠤᠷᠢᠶᠠᠬᠤ ᠦᠭᠡᠢ ᠪᠠᠷ ᠡᠮ ᠤᠤᠭᠤᠯᠭᠠᠵᠤ ᠠᠪᠤᠷᠠᠨ ᠲᠤᠰᠠᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠤᠶᠤᠨ ᠮᠡᠳᠡᠷᠡᠯ ᠤᠨ ᠵᠡᠮᠳᠡᠭᠴᠦᠳ ᠤᠨ ᠡᠮ ᠤᠤᠭᠤᠬᠤ ᠨᠢ ᠬᠠᠶᠢᠷᠤᠪ ᠤᠨ ᠲᠤᠬᠤᠢ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠨᠢᠭᠡ ᠪᠠᠶᠢᠵᠤ᠂ ᠤᠶᠤᠨ ᠮᠡᠳᠡᠷᠡᠯ ᠤᠨ ᠵᠡᠮᠳᠡᠭᠴᠦᠳ ᠤᠨ ᠡᠮ ᠡᠮᠨᠡᠯᠭᠡ ᠡᠷᠡᠭᠦᠯᠵᠢᠯ ᠤᠨ ᠪᠠᠶᠢᠳᠠᠯ ᠢ ᠰᠠᠶᠢᠵᠢᠷᠠᠭᠤᠯᠬᠤ ᠳᠤ ᠠᠰᠢᠭᠲᠠᠢ ᠶᠤᠮ᠃
    ᠬᠠᠶᠢᠷᠤᠪ ᠤᠨ ᠲᠤᠬᠤᠢ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠦᠢᠳᠬᠡᠯ ᠬᠤᠷᠢᠶᠠᠬᠤ ᠦᠭᠡᠢ ᠪᠠᠷ ᠡᠮ ᠤᠤᠭᠤᠵᠤ ᠠᠪᠤᠷᠠᠨ ᠲᠤᠰᠠᠯᠠᠬᠤ ᠬᠡᠪᠴᠢᠶ᠎ᠡ ᠶᠢ ᠥᠷᠭᠡᠳᠬᠡᠵᠦ᠂ ᠪᠦᠬᠦ  ᠲᠤᠭᠤᠷᠢᠭ ᠤᠨ 7 ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠶᠢᠨ 41 ᠨᠡᠶᠢᠭᠡᠮ ᠲᠣᠭᠤᠷᠢᠭ ᠲᠤ᠂ 2021 ᠣᠨ ᠤ ᠮᠡᠳᠡᠷᠡᠯ ᠤᠨ ᠡᠪᠡᠳᠴᠢᠲᠡᠨ ᠳᠤ ᠰᠦᠢᠳᠬᠡᠯ ᠬᠤᠷᠢᠶᠠᠬᠤ ᠦᠭᠡᠢ ᠪᠠᠷ ᠡᠮ ᠤᠤᠭᠤᠬᠤ ᠬᠡᠷᠡᠭᠴᠡᠭᠡ ᠲᠠᠢ ᠡᠪᠡᠳᠴᠢᠲᠡᠨ ᠢ ᠰᠢᠭᠰᠢᠨ ᠪᠠᠶᠢᠴᠠᠭᠠᠬᠤ ᠠᠵᠢᠯ ᠢ ᠥᠷᠨᠢᠭᠦᠯᠵᠦ᠂ ᠡᠮ ᠤᠤᠭᠤᠬᠤ ᠬᠡᠷᠡᠭᠴᠡᠭᠡ ᠲᠠᠢ ᠮᠡᠳᠡᠷᠡᠯ ᠤᠨ ᠡᠪᠡᠳᠴᠢᠨ ᠲᠠᠢ ᠵᠡᠮᠳᠡᠭ ᠡᠪᠡᠳᠴᠢᠲᠡᠨ ᠳᠤ ᠴᠠᠭ ᠲᠤᠬᠠᠢ ᠳᠤᠨᠢ ᠠᠪᠤᠷᠠᠨ ᠲᠤᠰᠠᠯᠠᠯᠲᠠ ᠬᠦᠷᠲᠡᠭᠡᠬᠦ ᠶᠢ ᠪᠠᠲᠤᠯᠠᠵᠠᠢ᠃     12 ᠰᠠᠷ᠎ᠠ ᠶᠢᠨ 16᠎ ᠤ ᠡᠳᠦᠷ ᠠᠴᠠ 17᠎ ᠤ ᠡᠳᠦᠷ ᠪᠣᠯᠲᠠᠯ᠎ᠠ ᠬᠤᠶᠠᠷ ᠡᠳᠦᠷ ᠲᠥᠪᠯᠡᠷᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠦᠬᠠᠢ ᠬᠤᠳᠠ ᠶᠢᠨ ᠤᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠤᠨ ᠡᠮᠴᠢ ᠶᠢ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠳᠤ ᠤᠷᠢᠵᠤ ᠰᠠᠭᠤᠯᠭᠠᠨ ᠲᠤᠬᠠᠶ ᠶᠢᠨ ᠲᠠᠯᠠᠪᠤᠷ ᠲᠤ᠂ ᠡᠮᠴᠢ ᠠᠰᠠᠭᠤᠨ ᠣᠨᠣᠰᠢᠯᠠᠬᠤ ᠪᠠᠷ ᠳᠡᠮᠵᠢᠨ᠂ ᠡᠪᠡᠳᠴᠢᠲᠡᠨ ᠨᠢᠭᠡᠪᠦᠷᠢ ᠶᠢᠨ ᠡᠪᠡᠳᠴᠢᠨ ᠤ ᠪᠠᠶᠢᠳᠠᠯ᠂ ᠡᠮ ᠬᠡᠷᠡᠭᠯᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠵᠡᠮᠳᠡᠭᠴᠦᠳ ᠤᠨ ᠡᠪᠡᠳᠴᠢᠨ ᠤ ᠪᠠᠶᠢᠳᠠᠯ ᠢ ᠦᠨᠳᠦᠰᠦᠯᠡᠨ ᠡᠮ ᠨᠠᠶᠢᠷᠠᠭᠤᠯᠬᠤ ᠶᠢᠨ ᠬᠠᠮᠲᠤ ᠵᠡᠮᠳᠡᠭ ᠬᠥᠮᠦᠨ ᠵᠢᠴᠢ ᠬᠡᠷ ᠪᠦᠯᠢ ᠶᠢᠨ ᠬᠢᠨ ᠳᠤ ᠡᠮ ᠤᠤᠭᠤᠬᠤ ᠬᠡᠮᠵᠢᠶ᠎ᠡ ᠵᠢᠴᠢ ᠠᠶᠤᠯ ᠥᠬᠡᠶ ᠪᠠᠷ ᠡᠮ ᠬᠡᠷᠡᠭᠯᠡᠬᠦ ᠴᠢᠬᠤᠯᠠᠲᠠᠶ ᠮᠡᠳᠡᠯᠭᠡ ᠶᠢ ᠬᠦᠯᠢᠴᠡᠩᠭᠦᠶ ᠪᠠᠷ ᠮᠡᠳᠡᠭᠳᠡᠨ᠎ᠡ᠃     ᠦᠬᠠᠶ ᠬᠤᠲᠠ ᠶᠢᠨ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠤᠨ ᠣᠶᠤᠨ ᠮᠡᠳᠡᠷᠡᠯ ᠤᠨ ᠬᠤᠶᠠᠳᠤᠭᠠᠷ ᠰᠠᠯᠠᠭᠠᠨ ᠤ ᠡᠷᠬᠢᠯᠡᠭᠴᠢ ᠵᠠᠩ ᠺᠧ ᠲᠠᠨᠢᠯᠴᠠᠭᠤᠯᠬᠤ ᠳᠠᠭᠠᠨ᠂ ᠡᠪᠡᠳᠴᠢᠲᠡᠨ ᠳᠤ ᠨᠠᠩ ᠰᠠᠶᠢᠨ  ᠤᠶᠢᠯᠡᠴᠢᠯᠡᠬᠦ ᠶᠢᠨ ᠲᠥᠯᠥᠭᠡ᠂ ᠬᠠᠶᠢᠷᠤᠪ ᠤᠨ ᠲᠣᠬᠤᠶ ᠲᠣᠭᠤᠷᠢᠭ ᠤᠨ 386 ᠮᠡᠳᠡᠷᠡᠯ ᠤᠨ ᠡᠪᠡᠳᠴᠢᠲᠡᠨ ᠳᠤ ᠴᠢᠭᠯᠡᠭᠦᠯᠦᠨ ᠵᠣᠷ ᠪᠢᠴᠢᠵᠦ ᠥᠭᠴᠡᠶ᠃ ᠨᠢᠭᠡᠳᠦᠯᠲᠡᠶ ᠡᠮ ᠬᠤᠳᠠᠯᠳᠤᠨ ᠠᠪᠬᠤ ᠳᠤ ᠰᠦᠢᠳᠬᠡᠯ ᠬᠤᠷᠢᠶᠠᠬᠤ ᠥᠬᠡᠶ ᠪᠠᠷ ᠲᠦᠭᠡᠭᠡᠵᠦ ᠥᠭᠭᠦᠭᠰᠡᠨ ᠠᠴᠠ ᠮᠡᠳᠡᠷᠡᠯ ᠤᠨ ᠡᠪᠡᠳᠴᠢᠲᠡᠨ ᠤ ᠬᠡᠷ ᠪᠦᠯᠢ ᠶᠢᠨ ᠳᠠᠷᠤᠭᠠᠰᠤ ᠶᠢ ᠶᠡᠭᠡ ᠪᠠᠷ ᠬᠥᠩᠭᠡᠯᠡᠭᠰᠡᠨ ᠪᠠᠶᠢᠨ᠎ᠠ᠃      2021 ᠣᠨ ᠤ 12 ᠰᠠᠷ᠎ᠠ ᠪᠣᠯᠲᠠᠯ᠎ᠠ ᠪᠥᠬᠦ ᠲᠤᠭᠤᠷᠢᠭ ᠲᠤ ᠨᠡᠶᠢᠲᠡ 386 ᠮᠡᠳᠡᠷᠡᠯ ᠤᠨ ᠵᠡᠮᠳᠡᠭ ᠡᠪᠡᠳᠴᠢᠲᠡᠨ ᠡᠮ ᠤᠤᠭᠤᠬᠤ ᠱᠠᠭᠠᠷᠳᠠᠯᠭ᠎ᠠ ᠲᠠᠢ ᠪᠠᠶᠢᠵᠤ᠂ ᠲᠡᠳᠡᠨ ᠳᠤ 380 ᠲᠥᠭᠦᠷᠢᠭ ᠤᠨ ᠮᠡᠳᠡᠷᠡᠯ ᠤᠨ ᠡᠮ ᠢ ᠰᠦᠢᠳᠬᠡᠯ ᠬᠤᠷᠢᠶᠠᠬᠤ ᠥᠬᠡᠶ ᠪᠠᠷ ᠲᠦᠭᠡᠭᠡᠨ ᠥᠭᠴᠦ᠂ ᠨᠡᠶᠢᠲᠡ 14.66 ᠲᠦᠮᠡᠨ ᠲᠥᠭᠦᠷᠢᠭ ᠤᠨ ᠨᠥᠬᠦᠪᠥᠷᠢ ᠮᠥᠩᠭᠦ ᠨᠥᠬᠦᠪᠥᠷᠢᠯᠡᠪᠡ᠃     ᠲᠣᠰ ᠤᠳᠠᠭᠠᠨ ᠤ ᠠᠷᠠᠳ ᠲᠤ ᠲᠥᠬᠦᠮ ᠦᠵᠡᠭᠦᠯᠬᠦ ᠠᠵᠢᠯᠯᠠᠭ᠎ᠠ ᠶᠢ ᠥᠷᠨᠢᠭᠦᠯᠦᠭᠰᠡᠨ ᠨᠢ ︽ᠬᠠᠮᠤᠭ ᠤᠨ ᠣᠯᠠᠨ ᠳᠠᠭᠠᠨ ᠨᠢᠭᠡ ᠤᠳᠠᠭ᠎ᠠ ᠣᠴᠢᠬᠤ︾ ᠤᠶᠢᠯᠡᠴᠢᠯᠡᠭᠡᠨ ᠤ ᠣᠨᠣᠯᠵᠢᠬᠤᠨ ᠢ ᠪᠦᠲᠦᠮᠵᠢᠲᠡᠶ  ᠤᠶᠢᠯᠡᠳᠤᠯᠭᠡᠵᠢᠭᠦᠯᠵᠤ᠂ ᠪᠥᠬᠦ ᠲᠤᠭᠤᠷᠢᠭ ᠤ ᠣᠶᠤᠨ ᠮᠡᠳᠡᠷᠡᠯ ᠤᠨ ᠵᠡᠮᠳᠡᠭᠴᠦᠳ ᠲᠤ ᠬᠥᠮᠥᠡᠯᠢᠭ  ᠤᠶᠢᠯᠡᠴᠢᠯᠡᠭᠡ ᠬᠠᠩᠭᠠᠵᠤ᠂ ᠪᠥᠬᠦ ᠨᠡᠶᠢᠭᠡᠮ ᠢᠶᠠᠷ ᠢᠶᠠᠨ ᠣᠶᠤᠨ ᠮᠡᠳᠡᠷᠡᠯ ᠤᠨ ᠡᠪᠡᠳᠴᠢᠲᠡᠨ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠵᠡᠮᠳᠡᠭᠴᠦᠳ ᠵᠢᠴᠢ ᠬᠡᠷ ᠪᠦᠯᠢ ᠶᠢᠨ ᠬᠢᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃        
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号