ᠬᠠᠶᠢᠷᠤᠪ ᠤᠨ ᠳᠤᠬᠤᠢ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠠᠷᠢᠶ᠎ᠠ ᠣᠷᠣᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2021/12/21
ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠠᠷᠭ᠎ᠠ ᠵᠠᠮ ᠢ ᠡᠷᠡᠰ ᠲᠡᠰᠦᠯᠵᠦ᠂ ᠬᠢᠵᠢᠭ ᠤᠨ ᠲᠠᠷᠬᠠᠯᠲᠠ ᠶᠢ ᠪᠦᠲᠦᠮᠵᠢᠲᠡᠶ ᠪᠠᠷ ᠬᠤᠷᠢᠭᠯᠠᠨ ᠵᠣᠭᠰᠣᠭᠠᠵᠤ᠂ ᠡᠩᠬᠡ ᠲᠠᠶᠢᠪᠤᠩ ᠲᠦᠷᠭᠡᠨ ᠰᠣᠯᠢᠭᠳᠠᠯ ᠢ ᠲᠦᠷᠭᠡᠨ ᠳᠠᠭᠠᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠮᠠᠨ ᠤ ᠲᠤᠭᠤᠷᠢᠭ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠢᠢᠤᠡᠪᠤᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠠᠶᠢᠷᠤᠪ ᠤᠨ  ᠲᠤᠬᠤᠢ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ ᠬᠠᠶᠢᠷᠤᠪ ᠤᠨ ᠲᠤᠬᠤᠢ ᠲᠣᠭᠤᠷᠢᠭ ᠤᠨ ᠬᠠᠷᠢᠶ᠎ᠠ ᠲᠣᠭᠤᠷᠢᠭ ᠲᠤ ᠰᠢᠨ᠎ᠡ ᠲᠢᠲᠢᠮᠯᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠥᠬᠦᠶ ᠵᠤᠶᠢᠯᠡᠰ ᠢ ᠳᠣᠤᠷᠠᠬᠢ ᠮᠡᠲᠦ ᠵᠠᠷᠯᠠᠶ᠎ᠠ᠄        ᠨᠢᠭᠡ᠂ ᠰᠣᠷᠢᠯᠲᠠ ᠶᠢᠨ ᠴᠠᠭ    2021 ᠣᠨ ᠤ 12 ᠰᠠᠷ᠎ᠠ ᠶᠢᠨ 21᠎ ᠤ ᠡᠳᠦᠷ ︵ᠭᠠᠷᠠᠭ ᠤᠨ ᠬᠤᠶᠠᠷ︶    ᠬᠤᠶᠠᠷ᠂ ᠰᠣᠷᠢᠯᠲᠠ ᠶᠢᠨ ᠭᠠᠵᠠᠷ    ᠬᠠᠶᠢᠷᠤᠪ ᠤᠨ ᠲᠤᠬᠤᠢ ᠲᠤᠭᠤᠷᠢᠭ ᠤᠨ ᠬᠠᠷᠢᠶ᠎ᠠ ᠣᠷᠣᠨ ᠤ ᠬᠡᠰᠡᠭ ᠣᠷᠣᠨ    ᠭᠤᠷᠪᠠ᠂ ᠬᠤᠯᠪᠣᠭᠳᠠᠯ ᠪᠦᠬᠦᠢ ᠵᠦᠢᠯᠡᠰ    1. ᠰᠣᠷᠢᠯᠲᠠ ᠶᠢᠨ ᠲᠤᠬᠠᠶ ᠶᠢᠨ ᠲᠠᠯᠠᠪᠤᠷ ᠲᠤ ᠰᠡᠷᠭᠡᠶᠢᠯᠡᠯᠲᠡ ᠶᠢᠨ ᠱᠤᠭᠤᠮ ᠲᠠᠲᠠᠬᠤ᠂ ᠠᠪᠤᠷᠠᠨ ᠲᠤᠰᠠᠯᠠᠬᠤ ᠲᠡᠷᠭᠡ ᠬᠥᠰᠬᠡ ᠣᠷᠣᠵᠤ ᠭᠠᠷᠬᠤ᠂ ᠡᠮᠴᠢᠯᠡᠭᠡᠨ ᠤ ᠬᠠᠮᠠᠭᠠᠯᠠᠯᠲᠠ ᠶᠢᠨ ᠲᠣᠨᠤᠭ ᠲᠥᠬᠦᠭᠡᠷᠦᠮᠵᠢ ᠶᠢ ᠡᠮᠦᠰᠴᠦ ᠵᠡᠭᠦᠬᠦ ᠂ ᠠᠵᠢᠯᠲᠠᠨ ᠤ ᠬᠠᠮᠢᠶᠠᠷᠤᠯᠲᠠ ᠡᠵᠡᠮᠳᠡᠯ ᠢ ᠬᠡᠷᠡᠭᠵᠢᠭᠦᠯᠬᠦ᠂ ᠣᠷᠴᠢᠨ ᠲᠣᠭᠤᠷᠢᠨ ᠢ ᠤᠰᠠᠳᠬᠠᠬᠤ ᠵᠡᠷᠭᠡ ᠶᠢ ᠥᠷᠨᠢᠭᠦᠯᠵᠦ᠂ ᠥᠷᠭᠡᠨ ᠣᠯᠠᠨ ᠰᠠᠭᠤᠭᠠᠯᠢ ᠠᠷᠠᠳ ᠢ ᠰᠠᠨᠳᠤᠷᠤᠭᠰᠠᠨ ᠤ ᠬᠡᠷᠡᠭ ᠥᠬᠡᠶ᠂ ᠬᠡᠪ ᠤᠨ ᠠᠵᠢᠯ ᠠᠮᠢᠳᠤᠷᠠᠯ ᠤᠨ ᠡᠮᠬᠢ ᠳᠢᠭᠯᠢᠮ ᠢ ᠪᠠᠲᠤᠯᠠᠬᠤ ᠶᠢ ᠬᠦᠰᠡᠵᠦ ᠪᠠᠶᠢᠨ᠎ᠠ᠃   2. ᠰᠣᠷᠢᠯᠲᠠ ᠶᠢᠨ ᠬᠤᠭᠤᠴᠠᠭᠠᠨ ᠳᠤ᠂ ᠥᠷᠭᠡᠨ ᠣᠯᠠᠨ ᠲᠦᠮᠡᠨ ᠴᠤᠭᠯᠠᠷᠠᠨ ᠦᠵᠡᠬᠦ ᠥᠬᠡᠶ᠂ ᠪᠠᠴᠢᠮᠳᠠᠨ ᠰᠠᠨᠳᠤᠷᠬᠤ ᠥᠬᠡᠶ᠂ ᠰᠡᠭᠦᠳᠡᠷ ᠲᠠᠲᠠᠬᠤ ᠥᠬᠡᠶ ᠳᠦᠷᠰᠦ ᠰᠢᠩᠭᠡᠭᠡᠬᠦ ᠥᠬᠡᠶ᠂ ᠴᠤᠤᠷᠬᠠᠯ ᠲᠠᠯᠪᠢᠬᠤ ᠥᠬᠡᠶ᠂ ᠴᠤᠤᠷᠬᠠᠯ ᠢ ᠲᠠᠷᠬᠠᠭᠠᠬᠤ ᠥᠬᠡᠶ᠂ ᠴᠤᠤᠷᠬᠠᠯ ᠢ ᠢᠲᠡᠭᠡᠬᠦ ᠥᠬᠡᠶ ᠪᠠᠶᠢᠵᠤ᠂ ᠰᠣᠷᠢᠯᠲᠠ ᠶᠢᠨ ᠠᠵᠢᠯᠯᠠᠭ᠎ᠠ ᠶᠢᠨ ᠲᠡᠭᠦᠰ ᠠᠮᠵᠢᠯᠲᠠ ᠤᠯᠬᠤ ᠶᠢ ᠬᠠᠮᠲᠤ ᠪᠠᠷ ᠳᠡᠮᠵᠢᠨ ᠬᠠᠮᠵᠢᠯᠴᠠᠬᠤ ᠶᠢ ᠬᠦᠰᠡᠵᠦ ᠪᠠᠶᠢᠨ᠎ᠠ᠃        ᠬᠠᠶᠢᠷᠤᠪ ᠤᠨ ᠳᠤᠬᠤᠢ ᠲᠣᠭᠤᠷᠢᠭ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                        2021 ᠣᠨ ᠤ 12 ᠰᠠᠷ᠎ᠠ ᠶᠢᠨ 20    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号