ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠰᠣᠶᠣᠯ ᠤᠨ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠪᠠᠶᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2021/12/22
     ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠶᠢ ᠪᠠᠲᠤᠯᠠᠬᠤ ᠶᠢᠨ ᠲᠥᠯᠥᠭᠡ᠂ 12 ᠰᠠᠷ᠎ᠠ ᠶᠢᠨ 21᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠰᠦᠯᠵᠢᠶᠡᠨ ᠤ ᠪᠠᠭᠠᠷ᠂ ᠳᠠᠭᠤᠤ ᠪᠥᠵᠢᠭ ᠵᠤᠭ᠎ᠠ ᠴᠡᠩᠭᠡᠯ ᠤᠨ ᠭᠠᠵᠠᠷ᠂ ᠪᠡᠶ᠎ᠡ ᠴᠢᠭᠢᠷᠠᠭᠵᠢᠭᠤᠯᠬᠤ ᠭᠡᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠲᠤᠰᠬᠠᠢ ᠪᠠᠶᠢᠴᠠᠭᠠᠯᠲᠠ ᠬᠢᠵᠡᠢ᠃
     ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠬᠡᠰᠡᠭ ᠠᠵᠤ ᠠᠬᠤᠶᠢᠯᠠᠯ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠰᠤᠯᠠᠷᠠᠭᠰᠠᠨ ᠪᠠᠶᠢᠳᠠᠯ᠂ ᠳᠡᠩᠰᠡᠯᠡᠯᠲᠡ ᠶᠢᠨ ᠡᠬᠡ ᠲᠠᠩᠰᠠ ᠶᠢᠨ ᠲᠡᠮᠳᠡᠭᠯᠡᠯ ᠪᠦᠷᠢᠨ ᠪᠤᠰᠤ᠂ ᠬᠡᠷ ᠲᠤᠨᠢ ᠣᠷᠣᠬᠤ ᠳᠤ ᠵᠥᠪᠬᠡᠨ ᠨᠣᠮᠧᠷ ᠰᠢᠷᠪᠢᠵᠦ ᠳᠤᠯᠠᠭᠠᠨ ᠢ ᠬᠡᠮᠵᠢᠬᠦ ᠠᠴᠠ ᠪᠢᠰᠢ ᠠᠮᠠᠪᠴᠢ ᠵᠡᠭᠦᠬᠦ ᠶᠢ ᠴᠢᠩᠭ᠎ᠠ ᠱᠠᠭᠠᠷᠳᠠᠬᠤ ᠥᠬᠡᠶ ᠵᠡᠷᠭᠡ ᠠᠰᠠᠭᠤᠳᠠᠯ ᠣᠷᠣᠰᠢᠵᠤ᠂ ᠬᠢᠵᠢᠭ ᠢ ᠰᠡᠷᠭᠡᠶᠢᠯᠡᠬᠦ ᠳᠤ ᠰᠤᠯᠠ ᠵᠠᠳᠠᠭᠠᠶ ᠠᠵᠢᠯᠲᠠᠳ ᠢ ᠰᠢᠭᠦᠮᠵᠢᠯᠡᠨ ᠰᠤᠷᠭᠠᠵᠤ᠂ ᠠᠵᠢᠯᠲᠠᠳ ᠢ ᠵᠣᠬᠢᠬᠤ ᠡᠭᠦᠷᠭᠡ ᠪᠠᠨ ᠭᠦᠶ᠋ᠴᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ ᠪᠠᠶᠢᠴᠠᠭᠠᠨ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ ᠲᠡᠷᠡ ᠳᠠᠷᠤᠶ ᠳᠤᠨᠢ ᠴᠡᠭᠴᠡᠯᠡᠨ ᠥᠭᠡᠷᠡᠴᠢᠯᠡᠬᠦ ᠬᠡᠷᠡᠭᠲᠡᠶ ᠭᠡᠵᠦ ᠱᠠᠭᠠᠷᠳᠠᠪᠠ  ︽ᠡᠷᠭᠢᠵᠦ ᠬᠠᠷᠠᠬᠤ︾ ᠳᠠᠪᠲᠠᠨ ᠪᠠᠶᠢᠴᠠᠭᠠᠬᠤ ᠲᠠᠯᠠᠪᠤᠷ ᠲᠤ ᠲᠣᠭᠲᠠᠭᠠᠯ ᠠᠴᠠ ᠵᠥᠷᠢᠴᠡᠭᠰᠡᠨ ᠦᠵᠡᠭᠳᠡᠯ ᠢᠯᠡᠷᠬᠡᠶ ᠪᠠᠶᠢᠬᠤ ᠦᠭᠡᠶ ᠪᠣᠯᠬᠤᠷ ᠴᠥᠮ ᠱᠠᠭᠠᠷᠳᠠᠯᠭ᠎ᠠ ᠶᠣᠰᠣᠭᠠᠷ ᠲᠡᠷᠡ ᠳᠠᠷᠤᠶ ᠳᠤᠨᠢ ᠴᠡᠭᠴᠡᠯᠡᠨ ᠥᠭᠡᠷᠡᠴᠢᠯᠡᠭᠰᠡᠨ ᠪᠠᠶᠢᠨ᠎ᠠ᠃      ᠲᠠᠷᠠᠭᠠᠴᠢ ᠶᠢᠨ ᠠᠯᠬᠤᠮ ᠳᠤ ᠮᠠᠨ ᠤ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠠᠯᠠᠪᠤᠷ ᠤᠨ ᠠᠵᠢᠯᠲᠠᠨ ᠢ ᠬᠥᠮᠦᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠰᠣᠶᠣᠯ ᠤᠨ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠳᠠᠪᠲᠠᠮᠵᠢ ᠶᠢ ᠨᠡᠮᠡᠭᠳᠡᠭᠦᠯᠵᠦ᠂ ᠡᠯ᠎ᠡ ᠲᠠᠯᠠᠪᠤᠷ ᠢ ᠰᠢᠪᠠᠳᠠᠵᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠥᠬᠦᠷᠡᠰᠢ ᠦᠭᠡᠢ ᠪᠠᠶᠢᠩᠭᠤ ᠠᠳᠬᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号