ᠬᠠᠶᠢᠷᠤᠪ ᠤᠨ ᠲᠤᠬᠤᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠨᠡᠶᠢᠭᠡᠮ ᠤᠨ ᠳᠠᠭᠠᠳᠬᠠᠯ ᠤᠨ ᠬᠠᠤᠯᠢ ᠲᠦᠷᠢᠮ ᠤᠨ ᠲᠤᠬᠠᠢ ᠪᠣᠯᠪᠠᠰᠤᠷᠠᠭᠤᠯᠤᠯ ᠢ ᠡᠷᠬᠢᠯᠡᠪᠡ
ᠨᠡᠶᠢᠲᠡᠯᠡᠭᠰᠡᠨ ᠴᠠᠭ᠄
2021/12/22
     ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠠᠵᠢᠯᠲᠠᠨ ᠤ ᠲᠦᠭᠰᠢᠭᠦᠷᠢ ᠶᠢᠨ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠬᠦ ᠶᠢᠨ ᠲᠥᠯᠥᠭᠡ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠡᠯ᠎ᠡ ᠲᠥᠷᠥᠯ ᠤᠨ ᠰᠠᠭᠤᠷᠢ ᠮᠥᠩᠭᠦ᠂ ᠪᠠᠯᠠ ᠮᠥᠩᠭᠦ ᠶᠢᠨ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠰᠠᠭᠤᠷᠢ ᠮᠥᠩᠭᠦ᠂ ᠪᠠᠯᠠ ᠮᠥᠩᠭᠦ ᠶᠢᠨ ᠠᠮᠤᠷ ᠲᠦᠪᠰᠢᠨ ᠪᠦᠲᠦᠮᠵᠢᠲᠡᠶ ᠠᠵᠢᠯᠯᠠᠭᠠᠨ ᠢ 12 ᠰᠠᠷ᠎ᠠ ᠶᠢᠨ 17᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠣᠭᠤᠷᠢᠭ ᠤᠨ ᠵᠠᠰᠠᠭ ᠤᠨ ᠶᠠᠪᠤᠳᠠᠯ ᠤᠨ ᠲᠥᠪ ᠤᠨ ᠬᠤᠶᠠᠳᠤᠭᠠᠷ ᠳᠠᠪᠬᠤᠷᠯᠢᠭ ᠤᠨ ᠪᠣᠯᠪᠠᠰᠤᠷᠠᠭᠤᠯᠤᠯ ᠤᠨ ᠲᠥᠪ ᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠭᠠᠷᠲᠠᠨ  ᠭᠦᠢᠴᠡᠤᠡᠭᠡᠬᠦ ᠪᠠᠶᠢᠭᠤᠯᠤᠮᠵᠢ ᠶᠢᠨ ᠠᠵᠢᠯᠲᠠᠨ ᠪᠣᠯᠪᠠᠰᠤᠷᠠᠯ ᠤᠨ ᠬᠤᠷᠠᠯ ᠳᠡᠭᠡᠷ᠎ᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠲᠦᠷᠢᠮ ᠢ ᠨᠢᠭᠡᠳᠬᠡᠬᠦ ᠠᠰᠠᠭᠤᠳᠠᠯ ᠤᠳ ᠤᠨ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾᠂ ︽ᠬᠤᠲᠠ ᠬᠥᠳᠡᠭᠡ ᠶᠢᠨ ᠨᠠᠰᠤᠵᠢᠯ ᠤᠨ ᠳᠠᠭᠠᠳᠬᠠᠯ ᠤᠨ ᠲᠦᠷᠢᠮ ᠢ ᠵᠣᠯᠭᠠᠭᠤᠯᠬᠤ ᠲᠦᠷ ᠬᠡᠷᠡᠭᠵᠢᠭᠦᠯᠬᠦ ᠠᠷᠭ᠎ᠠ︾ ᠵᠢᠴᠢ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ᠂ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ᠂ ᠠᠵᠢᠯ ᠠᠯᠳᠠᠭᠰᠠᠳ ᠤᠨ ᠨᠥᠬᠦᠪᠥᠷᠢ ᠮᠥᠩᠭᠦ᠂ ᠠᠵᠢᠯ ᠤᠯᠬᠤ ᠳᠤ ᠬᠦᠴᠢᠷᠲᠡᠶ ᠬᠥᠮᠦᠰ ᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠵᠡᠷᠭᠡ ᠬᠠᠮᠢᠶ᠎ᠠ ᠪᠥᠬᠦᠶ ᠠᠭᠤᠯᠭ᠎ᠠ ᠶᠢ ᠲᠤᠰ ᠲᠤᠰ ᠲᠠᠭᠠᠨ ᠲᠠᠢᠯᠪᠤᠷᠢᠯᠠᠪᠠ᠃ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠬᠠᠮᠢᠶ᠎ᠠ ᠪᠥᠬᠦᠶ ᠠᠭᠤᠯᠭ᠎ᠠ ᠶᠢᠨ ᠰᠤᠷᠤᠯᠴᠠᠯᠭ᠎ᠠ ᠪᠠᠷ ᠳᠡᠮᠵᠢᠨ᠂ ᠮᠠᠨ ‍ᠤ‌‍ᠲ᠋ᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠠᠵᠢᠯᠲᠠᠨ ᠤ ᠭᠠᠷᠲᠠᠨ ᠭᠦᠢᠴᠡᠤᠡᠭᠡᠬᠦ ᠶᠠᠪᠤᠴᠠ ᠳᠠᠬᠢ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠯᠠ ᠮᠥᠩᠭᠦ ᠰᠠᠭᠤᠷᠢ ᠮᠥᠩᠭᠦ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠬᠤ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃
   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号