ᠬᠠᠶᠢᠷᠤᠪ ᠤᠨ ᠲᠤᠬᠤᠢ ᠲᠤᠭᠤᠷᠢᠭ ᠤᠨ ᠵᠥᠪᠯᠡᠯᠭᠡᠨ ᠤ ᠴᠡᠷᠢᠭ ᠤᠨ ᠬᠤᠷᠠᠯ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠵᠥᠪᠯᠡᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/22
     ᠤᠢᠢᠷ᠎ᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠵᠥᠪᠯᠡᠯᠭᠡᠨ ᠤ ᠴᠡᠷᠢᠭ ᠤᠨ ᠬᠤᠷᠠᠯ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠵᠥᠪᠯᠡᠯ ᠤᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠰᠦᠨ ᠬᠤᠤ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ᠃     ᠬᠤᠷᠠᠯ ᠠᠴᠠ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠬᠠᠶᠢᠷᠤᠪ ᠤᠨ ᠲᠤᠬᠤᠢ ᠲᠤᠭᠤᠷᠢᠭ ᠤᠨ ᠨᠠᠮ ᠤᠨ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠪᠠᠶᠢᠳᠠᠯ ᠢ ᠵᠠᠳᠠᠯᠵᠤ᠂ ᠨᠠᠮ ᠤᠨ ᠵᠡᠪᠰᠡᠭᠲᠦ ᠬᠦᠴᠦᠨ ᠢ ᠬᠠᠮᠢᠶᠠᠷᠬᠤ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠬᠠᠮᠢᠶ᠎ᠠ ᠪᠦᠬᠦᠢ ᠠᠰᠠᠭᠤᠳᠠᠯ ᠢ ᠰᠤᠳᠤᠯᠤᠨ ᠰᠢᠢᠳᠪᠦᠷᠢᠯᠡᠭᠰᠡᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠡᠩ ᠴᠢᠩᠭ᠎ᠠ ᠡᠭᠦᠷᠭᠡᠯᠡᠯ ᠢᠶᠠᠷ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠬᠡᠵᠦ᠂ ᠦᠨᠳᠦᠰᠦᠨ ᠲᠦᠷᠢᠮ ᠢ ᠨᠠᠶᠢᠳᠠᠪᠤᠷᠢᠵᠢᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠬᠢᠨᠠᠨ ᠰᠢᠯᠭᠠᠵᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠶᠢ ᠨᠠᠮ ᠵᠠᠰᠠᠭ ᠤᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠢ ᠬᠢᠨᠠᠨ ᠰᠢᠯᠭᠠᠵᠤ ᠰᠢᠯᠭᠠᠨ ᠦᠨᠡᠯᠡᠬᠦ ᠠᠭᠤᠯᠭ᠎ᠠ ᠳᠤ ᠣᠷᠣᠭᠤᠯᠬᠤ ᠬᠡᠷᠡᠭᠲᠡᠢ︔ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠴᠢᠳᠠᠪᠤᠷᠢ ᠶᠢ ᠨᠡᠩ ᠶᠡᠭᠡ ᠡᠷᠴᠢᠮ ᠢᠶᠠᠷ ᠳᠡᠭᠡᠭᠰᠢᠯᠡᠭᠦᠯᠬᠦ ᠬᠡᠷᠡᠭᠲᠡᠢ᠃ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠷᠦᠬᠡ ᠶᠢᠨ ᠴᠡᠷᠢᠭ ᠤᠨ ᠪᠦᠲᠦᠭᠡᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠡᠯᠡᠳᠬᠡᠯ ᠢ ᠰᠠᠶᠢᠲᠤᠷ ᠬᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠡᠷᠦᠬᠡ ᠶᠢᠨ ᠴᠡᠷᠢᠭ ᠤᠨ ᠲᠡᠷᠢᠭᠦᠨ ᠤ ᠨᠡᠶᠢᠲᠡᠯᠢᠭ  ᠵᠢᠱᠢᠶ᠎ᠡ  ᠶᠢ ᠶᠡᠬᠡᠪᠡᠷ ᠤᠬᠠᠭᠤᠯᠵᠤ᠂ ᠴᠡᠷᠢᠭ ᠡᠯᠰᠡᠬᠦ ᠲᠦᠷᠦ ᠶᠢᠨ ᠪᠤᠳᠤᠯᠭ᠎ᠠ ᠳᠦᠷᠢᠮ ᠤᠨ ᠬᠤᠪᠢᠷᠠᠯᠲᠠ ᠳᠤᠬᠢᠷᠠᠭᠤᠯᠤᠯᠲᠠ ᠶᠢ ᠰᠠᠯᠤᠯ ᠦᠭᠡᠢ ᠳᠠᠭᠠᠵᠤ᠂ ᠤᠶᠤᠲᠠᠳ ᠢᠶᠠᠷ ᠭᠤᠣᠯᠳᠠᠯᠭ᠎ᠠ ᠪᠣᠯᠭᠠᠭᠰᠠᠨ ᠴᠡᠷᠢᠭ ᠡᠯᠰᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ︔ ᠬᠤᠶᠠᠷ ᠢ ᠬᠦᠷᠢᠶᠡᠯᠡᠬᠦ ᠦᠷ᠎ᠡ ᠪᠦᠲᠦᠭᠡᠯ ᠢ ᠪᠠᠬᠢᠵᠢᠭᠦᠯᠵᠦ᠂ ᠨᠡᠩ ᠪᠣᠳᠠᠲᠠᠢ ᠠᠷᠭ᠎ᠠ ᠬᠡᠮᠵᠢᠶ᠎ᠡ  ᠪᠠᠷ ᠴᠡᠷᠢᠭ ᠠᠩᠬᠢ ᠪᠠ ᠣᠷᠣᠨ ᠨᠤᠲᠤᠭ ᠢ ᠬᠠᠮᠲᠤᠪᠠᠷ ᠪᠠᠶᠢᠭᠤᠯᠬᠤ ᠴᠣ᠋ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ ︽ᠬᠤᠶᠠᠷ ᠢ ᠳᠡᠮᠵᠢᠬᠦ︾ ᠡᠷᠴᠢᠮ ᠢ ᠴᠢᠩᠭᠠᠷᠠᠭᠤᠯᠵᠤ᠂ ᠶᠡᠭᠡ ᠬᠦᠴᠦ ᠣᠷᠣᠭᠤᠯᠵᠤ ᠪᠠᠶᠢᠭᠠᠳ ᠴᠡᠷᠢᠭ ᠠᠩᠬᠢ ᠶᠢ ᠬᠠᠪᠰᠤᠷᠤᠨ ᠰᠠᠭᠤᠷᠢ ᠲᠥᠬᠦᠭᠡᠷᠦᠮᠵᠢ᠂ ᠴᠢᠳᠠᠪᠤᠷᠢᠲᠠᠨ ᠢ ᠬᠥᠮᠦᠵᠢᠭᠦᠯᠬᠦ᠂ ᠭᠡᠷ ᠪᠦᠯᠢ ᠶᠢ ᠨᠢ ᠲᠥᠪᠬᠢᠨᠡᠭᠦᠯᠬᠦ᠂ ᠦᠷ᠎ᠡ ᠬᠡᠦᠬᠡᠳ ᠢ ᠨᠢ ᠰᠤᠷᠭᠠᠭᠤᠯᠢ ᠳᠤ ᠣᠷᠣᠭᠤᠯᠬᠤ᠂ ᠬᠠᠷᠠᠭᠠᠯᠵᠠᠨ ᠬᠠᠷᠠᠭᠠᠯᠵᠠᠬᠤ ᠵᠡᠷᠭᠡ ᠪᠣᠳᠠᠲᠠᠶ ᠬᠦᠴᠢᠷᠳᠡᠯ ᠢ ᠨᠢ ᠰᠢᠶ᠋ᠳᠪᠦᠷᠢᠯᠡᠵᠦ ᠥᠭᠬᠦ ᠬᠡᠷᠡᠭᠲᠡᠶ᠃ ᠬᠤᠶᠠᠷ ᠢ ᠬᠦᠷᠢᠶᠡᠯᠡᠬᠦ ᠵᠠᠭᠪᠤᠷ ᠤᠨ ᠰᠢᠨ᠎ᠡ ᠶᠢ ᠡᠭᠦᠳᠴᠦ᠂ ᠬᠤᠶᠠᠷ ᠢ ᠬᠦᠷᠢᠶᠡᠯᠡᠬᠦ ᠬᠠᠮᠲᠤ ᠪᠠᠷ ᠪᠠᠶᠢᠭᠤᠯᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢ ᠢᠳᠡᠪᠬᠢᠲᠡᠢ ᠰᠦᠪᠡᠭᠴᠢᠯᠡᠵᠦ᠂ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠲᠣᠭᠲᠠᠴᠠ ᠶᠢ ᠪᠦᠷᠢᠨᠰᠢᠬᠦᠯᠵᠦ᠂ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠠᠴᠢᠶᠠᠯᠠᠪᠤᠷᠢ ᠶᠢ ᠪᠠᠶᠠᠯᠢᠭᠵᠢᠭᠤᠯᠵᠤ᠂ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠨᠢᠭᠡᠴᠡ ᠢᠯᠠᠩᠭᠤᠶ᠎ᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ᠂ ᠵᠡᠪᠰᠡᠭᠲᠦ ᠬᠦᠴᠦᠨ ᠤ ᠠᠵᠢᠯ ᠢ ᠳᠡᠮᠵᠢᠬᠦ ᠪᠠ ᠤᠶᠢᠯᠡᠴᠢᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠴᠡᠷᠢᠭ ᠡᠯᠰᠡᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠡᠷᠦᠬᠡ ᠶᠢᠨ ᠴᠡᠷᠢᠭ ᠤᠨ ᠪᠠᠶᠢᠭᠤᠯᠤᠯᠲᠠ ᠵᠡᠷᠭᠡ ᠡᠯ᠎ᠡ  ᠵᠤᠶᠢᠯ ᠤᠨ ᠭᠤᠤᠯᠳᠠᠯᠭ᠎ᠠ ᠲᠠᠢ ᠠᠵᠢᠯ ᠳᠤ ᠬᠤᠷᠠᠮᠳᠤᠭᠤᠯᠤᠨ ᠣᠷᠣᠯᠴᠠᠵᠤ᠂  ᠲᠤᠭᠤᠷᠢᠭ ᠲᠤ ᠰᠠᠭᠤᠭ᠎ᠠ ᠴᠡᠷᠢᠭ ᠠᠩᠭᠢ ᠪᠠ ᠥᠷᠭᠡᠨ ᠣᠯᠠᠨ ᠴᠡᠷᠢᠭ ᠤᠨ ᠬᠡᠷ ᠪᠦᠯᠢ ᠶᠢᠨ ᠬᠢᠨ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠪᠣᠳᠠᠲᠠᠶ ᠠᠵᠢᠯ ᠬᠢᠵᠦ᠂ ᠬᠦᠴᠢᠷ ᠠᠰᠠᠭᠤᠳᠠᠯ ᠢ  ᠰᠢᠢᠤᠡᠪᠤᠷᠢᠯᠡᠨ  ᠥᠭᠴᠦ᠂ ᠪᠣᠳᠠᠲᠤ ᠠᠵᠢᠯᠯᠠᠭ᠎ᠠ ᠪᠠᠷ ᠢᠶᠠᠨ ᠴᠡᠷᠢᠭ ᠠᠩᠭᠢ ᠪᠠ ᠣᠷᠣᠨ ᠨᠤᠲᠤᠭ ᠢ ᠬᠠᠮᠲᠤᠪᠠᠷ ᠪᠠᠶᠢᠭᠤᠯᠬᠤ ᠰᠢᠨ᠎ᠡ ᠪᠠᠶᠢᠳᠠᠯ ᠢ ᠡᠭᠦᠳᠬᠦ ᠬᠡᠷᠡᠭᠲᠡᠶ ᠭᠡᠵᠠᠢ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号