ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 18 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/22
     ᠤᠢᠢᠷ᠎ᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ  ᠬᠤᠷᠢᠶ᠎ᠠ ᠎ ᠶᠢᠨ ᠪᠠᠶᠢᠩᠭᠤ ᠶᠢᠨ ᠬᠤᠷᠢᠶ᠎ᠠ ᠶᠢᠨ 18 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠵᠤ᠂ ᠬᠤᠳᠠ ᠶᠢᠨ ᠨᠠᠮ ᠤᠨ  ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠰᠦᠨ ᠬᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ︾ ︵ᠥᠪᠥᠷ ᠨᠠᠮ ᠲᠠᠷᠬᠠᠭᠰᠠᠨ〔2021〕34 ᠳ᠋ᠤᠭᠡᠷ ᠲᠣᠭᠠᠲᠤ︶᠎ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠤᠶᠠᠷ ᠬᠤᠷᠠᠯ︾᠎ ᠤᠨ ᠪᠡᠯᠡᠳᠬᠡᠯ ᠠᠵᠢᠯ ᠤᠨ ᠪᠠᠶᠢᠳᠠᠯ ᠪᠣᠯᠤᠨ 2022 ᠣᠨ ᠤ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠲᠥᠰᠦᠪ ᠤᠨ ᠳᠣᠲᠣᠷᠠᠬᠢ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢᠨ ᠲᠤᠬᠢᠷᠠᠭᠤᠯᠤᠯᠳᠠ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠵᠢᠱᠢᠭᠰᠡᠨ ᠬᠠᠷᠠᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠣᠨᠣᠰᠴᠠᠢ᠃      ᠰᠦᠨ ᠬᠤᠤ᠂ ᠬᠠᠶᠢᠷᠤᠪ ᠤᠨ ᠲᠤᠬᠤᠢ ᠲᠣᠭᠤᠷᠢᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠭᠤᠯᠤᠭᠳᠠᠬᠤᠨ ᠤ ᠮᠥᠨ ᠴᠢᠨᠠᠷ ᠢ ᠭᠦᠨᠵᠡᠭᠡᠢ ᠣᠶᠢᠯᠠᠭᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠶᠢᠷᠤᠪ ᠤᠨ ᠲᠤᠬᠤᠢ ᠲᠣᠭᠤᠷᠢᠭ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠠᠮᠤᠭ ᠤᠨ ᠶᠡᠭᠡ ᠬᠡᠮᠵᠢᠶ᠎ᠡ  ᠪᠠᠷ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢᠨ ᠠᠵᠢᠯᠯᠠᠭ᠎ᠠ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠮᠤᠷ ᠠᠮᠤᠭᠤᠯᠠᠩ ᠲᠣᠭᠲᠠᠭᠤᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠢᠷᠡᠬᠦ ᠵᠢᠯ ᠤᠨ ᠠᠵᠢᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠴᠢᠩᠭ᠎ᠠ ᠠᠳᠬᠤᠵᠤ ᠪᠣᠳᠠᠲᠠᠢ ᠠᠳᠬᠤᠵᠤ ᠨᠠᠷᠢᠨ ᠠᠳᠬᠤᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠬᠤ ᠬᠡᠷᠡᠭᠲᠡᠢ︔ ᠬᠠᠶᠢᠷᠤᠪ ᠤᠨ ᠲᠤᠬᠤᠢ ᠲᠣᠭᠤᠷᠢᠭ ᠤᠨ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠬᠤ ᠪᠦᠷᠢᠯᠳᠦᠬᠦᠨ ᠤᠬᠠᠮᠰᠠᠷ ᠠᠴᠠ ᠪᠠᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠦᠷᠦ ᠶᠢᠨ ᠪᠠᠶᠢᠭᠤᠯᠤᠯᠲᠠ ᠪᠠᠷ ᠨᠢᠭᠡᠳᠦᠯᠲᠡᠢ ᠵᠢᠯᠤᠭᠤᠳᠤᠯᠭ᠎ᠠ ᠪᠣᠯᠭᠠᠨ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠤᠳᠤᠷᠢᠳᠬᠤ ᠪᠠᠭ ᠢ ᠦᠨᠡᠨᠬᠦ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ︔ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠠᠷᠪᠢᠯᠠᠨ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠡᠬᠢ ᠰᠤᠷᠪᠤᠯᠵᠢ ᠶᠢ ᠨᠡᠭᠡᠭᠡᠬᠦ ᠪᠠ ᠵᠠᠷᠤᠯᠭ᠎ᠠ ᠶᠢ ᠠᠷᠪᠢᠯᠠᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠨ᠂ ᠰᠢᠨ᠎ᠡ ᠪᠠᠷ ᠨᠡᠮᠡᠭᠳᠡᠭᠰᠡᠨ ᠥᠷᠢ ᠥᠭᠴᠡᠭᠡ ᠶᠢ ᠴᠢᠩᠭ᠎ᠠ ᠬᠢᠵᠠᠭᠠᠷᠯᠠᠵᠤ᠂ ᠳᠠᠯᠳᠠ ᠥᠷᠢ ᠥᠭᠴᠡᠭᠡ ᠶᠢᠨ ᠨᠡᠮᠡᠭᠳᠡᠯ ᠢ ᠡᠷᠡᠰ ᠬᠤᠷᠢᠭᠯᠠᠨ᠂ ᠳᠠᠯᠳᠠ ᠥᠷᠢ ᠥᠭᠴᠡᠭᠡ ᠶᠢᠨ ᠬᠠᠳᠠᠭᠠᠯᠠᠯᠲᠠ ᠶᠢᠨ ᠬᠡᠮᠵᠢᠶ᠎ᠡ ᠶᠢ ᠲᠣᠬᠢᠲᠠᠶ ᠰᠢᠢᠤᠡᠪᠤᠷᠢᠯᠡᠬᠦ ᠬᠡᠷᠡᠭᠲᠡᠶ᠃ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠵᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ ︽ᠭᠤᠷᠪᠠ ᠶᠢ ᠪᠠᠲᠤᠯᠠᠬᠤ ︾ ᠠᠵᠢᠯ ᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ  ᠂  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠬᠡᠷ ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ ᠨᠢ ᠬᠤᠷᠠᠯ ᠠᠴᠠ ᠳᠤᠷᠠᠳᠤᠭᠰᠠᠨ ᠰᠠᠨᠠᠯ ᠰᠠᠨᠠᠭᠤᠯᠭ᠎ᠠ ᠶᠢ ᠦᠨᠳᠦᠰᠦᠯᠡᠨ᠂ ᠬᠤᠷᠠᠯ ᠤᠨ ᠮᠠᠲ᠋ᠧᠷᠢᠶᠠᠯ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ︽ᠬᠤᠶᠠᠷ ᠬᠤᠷᠠᠯ︾᠎ ᠢ ᠬᠤᠷᠠᠯᠳᠤᠭᠤᠯᠬᠤ ᠡᠯ᠎ᠡ ᠵᠤᠶᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠬᠤᠷᠠᠯ ᠤᠨ ᠤᠷᠤᠭᠰᠢᠲᠠᠶ ᠬᠤᠷᠠᠯᠳᠤᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠠᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号