ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ 2021 ᠣᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠮᠡᠳᠡᠭᠡ ᠵᠠᠩᠭᠢ
ᠨᠡᠶᠢᠲᠡᠯᠡᠭᠰᠡᠨ ᠴᠠᠭ᠄
2021/12/23
     2021 ᠣᠨ ᠤ 12 ᠰᠠᠷ᠎ᠠ ᠶᠢᠨ 14᠎ ᠤ ᠦᠳᠡ ᠶᠢᠨ ᠬᠤᠶᠢᠨ᠎ᠠ᠂ ᠬᠠᠶᠢᠷᠤᠪ ᠤᠨ ᠲᠤᠬᠤᠢ ᠲᠣᠭᠤᠷᠢᠭ ᠤᠨ ᠳᠡᠳ᠋ ᠳᠠᠷᠤᠭ᠎ᠠ ᠶᠠᠩ ᠳ᠋ᠦᠸᠧ ᠨᠡᠶᠢᠭᠡᠮ ᠤᠨ ᠠᠪᠤᠷᠠᠨ ᠲᠤᠰᠠᠯᠠᠬᠤ ᠬᠠᠮᠲᠤᠷᠠᠭᠰᠠᠨ ᠬᠤᠷᠠᠯ ᠢ ᠡᠷᠬᠢᠯᠡᠨ ᠬᠤᠷᠠᠯᠳᠤᠭᠤᠯᠵᠤ᠂ 2021 ᠣᠨ ᠤ ᠬᠠᠶᠢᠷᠤᠪ ᠎ ᠤᠨ ᠲᠤᠬᠤᠢ ᠲᠣᠭᠤᠷᠢᠭ ᠤᠨ ᠠᠷᠠᠳ ᠤᠨ ᠶᠠᠪᠤᠳᠠᠯ ᠤᠨ  ᠲᠤᠪᠴᠢᠶ᠎ᠠ ᠶᠢᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ᠰᠢᠨ᠎ᠡ ᠪᠠᠷ ᠭᠤᠶᠤᠴᠢᠯᠠᠭᠰᠠᠨ ᠲᠦᠷ ᠴᠠᠭ ᠤᠨ ᠠᠪᠤᠷᠠᠨ ᠲᠤᠰᠠᠯᠠᠯᠲᠠ ᠶᠢᠨ ᠬᠥᠮᠦᠰ ᠤᠨ ᠬᠢᠨᠠᠨ ᠵᠥᠪᠰᠢᠶᠡᠷᠡᠯ ᠢ ᠰᠤᠳᠤᠯᠪᠠ᠃      ᠪᠢᠨ ᠾᠧ ᠵᠡᠭᠡᠯᠢ ᠭᠤᠳᠤᠮᠵᠢ᠂ ᠹᠧᠩ ᠬᠤᠸᠠᠩ ᠯᠢᠩ ᠵᠡᠭᠡᠯᠢ ᠭᠤᠳᠤᠮᠵᠢ᠂ ᠰᠢᠨᠬᠤᠸᠠ ᠵᠡᠭᠡᠯᠢ ᠭᠤᠳᠤᠮᠵᠢ᠂ ᠯᠢᠨ ᠶᠢᠨ ᠵᠡᠭᠡᠯᠢ ᠭᠤᠳᠤᠮᠵᠢ ᠪᠣᠯᠤᠨ ᠬᠠᠶ ᠪᠸᠢ ᠵᠡᠭᠡᠯᠢ ᠭᠤᠳᠤᠮᠵᠢ 2021 ᠣᠨ ᠤ ᠳᠥᠷᠪᠡᠳᠦᠭᠡᠷ ᠤᠯᠠᠷᠢᠯ ᠳᠤ 14 ᠬᠥᠮᠦᠨ ᠢ ᠲᠦᠷ ᠴᠠᠭ ᠠᠪᠤᠷᠠᠨ ᠲᠤᠰᠠᠯᠠᠬᠤ ᠪᠠᠷ ᠭᠤᠶᠤᠴᠢᠯᠠᠵᠤ᠂ 11 ᠡᠷᠦᠬᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠰᠢᠨ᠎ᠡ ᠪᠠᠷ ᠭᠤᠶᠤᠴᠢᠯᠠᠵᠤ᠂ 1 ᠬᠥᠮᠦᠨ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠪᠠᠷ ᠰᠢᠨ᠎ᠡ ᠪᠠᠷ ᠭᠤᠶᠤᠴᠢᠯᠠᠵᠤ᠂ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠲᠣᠭᠠᠴᠠᠭ᠎ᠠ ᠬᠢᠬᠦ ᠪᠠᠷ ᠳᠡᠮᠵᠢᠨ᠂ 14 ᠬᠥᠮᠦᠨ ᠢ ᠲᠦᠷ ᠴᠠᠭ ᠠᠪᠤᠷᠠᠨ ᠲᠤᠰᠠᠯᠠᠬᠤ ᠪᠠᠷ ᠰᠢᠨ᠎ᠡ ᠪᠠᠷ ᠭᠤᠶᠤᠴᠢᠯᠠᠵᠤ᠂ 11 ᠡᠷᠦᠬᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠰᠢᠨ᠎ᠡ ᠪᠠᠷ ᠭᠤᠶᠤᠴᠢᠯᠠᠵᠤ᠂ 1 ᠣᠨᠴᠠ ᠬᠦᠴᠢᠷᠳᠡᠯ ᠲᠠᠢ ᠬᠥᠮᠦᠨ ᠢ ᠰᠢᠨ᠎ᠡ ᠪᠠᠷ ᠭᠤᠶᠤᠴᠢᠯᠠᠵᠠᠶ᠃ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠲᠣᠪᠴᠢᠶᠠᠨ ᠳᠠᠷᠤᠭ᠎ᠠ ᠯᠢ ᠯᠢᠶᠠᠩ ᠴᠢᠬᠤᠯᠠᠴᠢᠯᠠᠭᠰᠠᠨ ᠨᠢ᠂ ᠡᠯ᠎ᠡ ᠵᠡᠭᠡᠯᠢ ᠭᠤᠳᠤᠮᠵᠢ ᠶᠢᠨ ᠬᠢᠨ ᠠᠪᠤᠷᠠᠨ ᠲᠤᠰᠠᠯᠠᠭᠳᠠᠭᠰᠠᠨ ᠭᠡᠷ ᠪᠦᠯᠢ ᠪᠤᠶᠤ ᠬᠤᠪᠢ ᠬᠥᠮᠦᠨ ᠤ ᠮᠡᠳᠡᠭᠡ ᠵᠠᠩᠭᠢ ᠶᠢᠨ ᠮᠠᠲ᠋ᠧᠷᠢᠶᠠᠯ ᠢ ᠪᠦᠷᠢᠨ ᠭᠦᠢᠴᠡᠳ ᠡᠵᠡᠮᠰᠢᠵᠦ᠂ ᠡᠷᠬᠡ ᠲᠡᠭᠰᠢ᠂ ᠲᠥᠪ ᠭᠤᠣᠯᠴᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃ ᠡᠭᠦᠨ ᠤ ᠬᠠᠮᠲᠤ ᠠᠪᠤᠷᠠᠨ ᠲᠤᠰᠠᠯᠠᠬᠤ ᠴᠢᠬᠤᠯᠠᠲᠠᠶ ᠬᠥᠮᠦᠰ ᠤᠨ ᠨᠡᠷᠡᠰ ᠢ ᠵᠠᠷᠯᠠᠨ ᠨᠡᠶᠢᠲᠡᠯᠡᠵᠦ᠂ ᠣᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠠᠵᠢᠯᠯᠠᠬᠤ ᠲᠠᠰ ᠳᠠᠷᠠᠭᠠᠯᠠᠯ ᠢ ᠢᠯᠡ ᠲᠣᠳᠣ ᠪᠠᠶᠢᠯᠭᠠᠬᠤ ᠶᠢ ᠦᠨᠡᠨ ᠬᠦ ᠪᠠᠲᠤᠯᠠᠵᠤ᠂ ᠬᠦᠴᠢᠷᠳᠡᠯᠲᠡᠶ ᠡᠲᠡᠭᠡᠳ ᠢ ᠠᠪᠤᠷᠠᠪᠠᠰᠤ ᠵᠣᠬᠢᠬᠤ ᠶᠢ ᠨᠢ ᠪᠦᠬᠦᠨ ᠢ ᠠᠪᠤᠷᠠᠨ᠎ᠠ ᠭᠡᠵᠠᠢ᠃      ᠳᠠᠷᠠᠭᠠᠴᠢ ᠶᠢᠨ ᠠᠯᠬᠤᠮ ᠳᠤ᠂ ᠰᠢᠨ᠎ᠡ ᠵᠢᠯ ᠪᠣᠯᠤᠨ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ  ᠴᠡᠭᠡᠯ ᠠᠭᠤᠯᠠ ᠪᠠᠯᠭᠠᠰᠤᠨ ᠤ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠳ ᠲᠤᠰ ᠬᠠᠷᠢᠶ᠎ᠠ ᠣᠷᠣᠨ ᠤ ᠪᠠᠨ ᠬᠦᠴᠢᠷᠳᠡᠯ ᠲᠠᠢ ᠬᠥᠮᠦᠰ ᠲᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠳᠠᠯ ᠢ ᠤᠶᠢᠯᠠᠭᠠᠨ ᠪᠠᠶᠢᠴᠠᠭᠠᠯᠲᠠ ᠬᠢᠵᠦ᠂ ᠭᠡᠨᠡᠳᠲᠡ ᠶᠢᠨ ᠬᠡᠷᠡᠭ᠂ ᠰᠠᠨᠠᠭᠠᠨ ᠳᠤ ᠦᠭᠡᠶ ᠠᠳᠡᠯ᠂ ᠬᠦᠨᠳᠦ ᠡᠪᠡᠳᠴᠢᠨ ᠳᠤ ᠨᠡᠷᠪᠡᠭᠳᠡᠭᠰᠡᠨ ᠵᠡᠷᠭᠡ ᠣᠨᠴᠠᠭᠠᠶ ᠪᠠᠶᠢᠳᠠᠯ ᠳᠤ ᠬᠦᠴᠢᠷᠳᠡᠯ ᠲᠠᠢ ᠭᠡᠷ ᠪᠦᠯᠢ ᠪᠤᠶᠤ ᠬᠤᠪᠢ ᠬᠥᠮᠦᠨ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠠᠪᠤᠷᠠᠨ ᠲᠤᠰᠠᠯᠠᠬᠤ ᠭᠤᠶᠤᠴᠢᠯᠠᠯ ᠭᠠᠷᠭᠠᠵᠤ᠂ ᠬᠤᠶᠠᠷ ᠪᠠᠶᠠᠷ ᠤᠨ ᠬᠤᠭᠤᠴᠠᠭᠠᠨ ᠳᠤ ᠬᠦᠴᠢᠷᠳᠡᠯ ᠲᠠᠢ ᠣᠯᠠᠨ ᠲᠦᠮᠡᠨ ᠢ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠡᠶ᠃ ᠡᠨᠧᠷᠭᠢ ᠶᠢᠨ ᠰᠤᠷᠪᠤᠯᠵᠢ ᠶᠢᠨ ᠲᠣᠪᠴᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠰᠢᠨ᠎ᠡ ᠪᠠᠷ ᠳᠤᠷᠠᠳᠤᠭᠰᠠᠨ ᠢ ᠦᠨᠳᠦᠰᠦᠯᠡᠪᠡᠯ᠂ ᠬᠦᠴᠢᠷᠳᠡᠯᠲᠡᠶ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠵᠤ᠂ ᠪᠠᠶᠢᠳᠠᠯ ᠢ ᠣᠶᠢᠯᠠᠭᠠᠬᠤ ᠡᠷᠴᠢᠮ ᠢ ᠴᠢᠩᠭᠠᠷᠠᠭᠤᠯᠤᠨ᠂ ᠳᠤᠯᠠᠭᠠᠯᠠᠭ᠎ᠠ ᠬᠠᠩᠭᠠᠬᠤ ᠳᠤ ᠬᠦᠴᠢᠷᠲᠡᠶ ᠣᠯᠠᠨ ᠲᠦᠮᠡᠨ ᠢ ᠴᠠᠭ ᠲᠤᠬᠠᠶ ᠳᠤᠨᠢ ᠠᠪᠤᠷᠠᠨ ᠲᠤᠰᠠᠯᠠᠵᠤ᠂ ᠬᠦᠴᠢᠷᠳᠡᠯᠲᠡᠶ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠶ  ᠭᠡᠵᠠᠢ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号