ᠬᠠᠶᠢᠷᠤᠪ ᠤᠨ ᠲᠤᠬᠤᠢ ᠶᠢᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ 2021 ᠣᠨ ᠤ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ ᠴᠤᠭᠯᠠᠭᠤᠯᠤᠨ ᠪᠦᠷᠢᠳᠬᠡᠬᠦ ᠪᠣᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2021/12/23
     2021 ᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ ᠴᠤᠭᠯᠠᠭᠤᠯᠤᠨ ᠪᠦᠷᠢᠳᠬᠡᠬᠦ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠢ ᠬᠠᠪᠰᠤᠷᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠡ ᠨᠡᠮᠡᠨ ᠪᠤᠳᠤᠵᠤ ᠰᠠᠭᠤᠯᠭᠠᠨ ᠠᠪᠬᠤ ᠪᠠ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠳᠠᠷᠠᠭᠠᠬᠢ ᠨᠥᠬᠦᠪᠥᠷᠢ ᠥᠭᠬᠦ ᠵᠡᠷᠭᠡ ᠲᠦᠷᠦ ᠶᠢᠨ ᠪᠤᠳᠤᠯᠭ᠎ᠠ ᠶᠢ ᠨᠡᠩ ᠰᠠᠶᠢᠲᠤᠷ ᠡᠳ᠋ᠯᠡᠭᠦᠯᠬᠦ ᠶᠢᠨ ᠲᠥᠯᠥᠭᠡ᠂ 2021 ᠣᠨ ᠤ 12 ᠰᠠᠷ᠎ᠠ ᠶᠢᠨ 21᠎ ᠤ ᠡᠳᠦᠷ ᠤᠨ ᠦᠳᠡ ᠶᠢᠨ ᠡᠮᠦᠨ᠎ᠡ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ  ᠲᠤᠪᠴᠢᠶ᠎ᠠ ᠠᠴᠠ ᠲᠦᠷᠦᠭᠦᠯᠡᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ ᠴᠤᠭᠯᠠᠭᠤᠯᠤᠨ ᠪᠦᠷᠢᠳᠬᠡᠬᠦ ᠪᠣᠯᠪᠠᠰᠤᠷᠠᠯ ᠤᠨ ᠠᠩᠬᠢ ᠶᠢ ᠡᠷᠬᠢᠯᠡᠪᠡ᠃ ᠭᠤᠣᠯᠳᠠᠭᠤ ᠦᠬᠠᠢ ᠶᠢᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠲᠣᠭᠤᠷᠢᠭ ᠤᠨ ᠲᠤᠭ᠎ᠠ ᠪᠦᠷᠢᠳᠬᠡᠯ ᠤᠨ ᠲᠤᠪᠴᠢᠶ᠎ᠠ ᠵᠢᠴᠢ ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠤᠪᠴᠢᠶ᠎ᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠶᠢᠨ ᠲᠤᠬᠠᠶᠢᠯᠠᠭᠰᠠᠨ ᠠᠵᠢᠯ ᠤᠨ ᠠᠵᠢᠯᠲᠠᠳ ᠢ ᠤᠷᠢᠵᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠪᠠ ᠪᠣᠳᠠᠲᠠᠢ ᠭᠦᠢᠴᠡᠳᠬᠡᠬᠦ ᠶᠠᠪᠤᠴᠠ ᠶᠢᠨ ᠲᠠᠨᠢᠯᠴᠠᠭᠤᠯᠭ᠎ᠠ ᠬᠢᠯᠭᠡᠪᠡ᠃ ᠪᠣᠯᠪᠠᠰᠤᠷᠠᠭᠤᠯᠤᠯ ᠤᠨ ᠠᠭᠤᠯᠭ᠎ᠠ ᠳᠤ ᠭᠤᠤᠯᠳᠠᠭᠤ᠄ ︵ᠨᠢᠭᠡ︶ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠪᠣᠳᠠᠲᠠᠶ ᠲᠠᠶᠢᠯᠪᠤᠷᠢᠯᠠᠯᠲᠠ ᠵᠢᠴᠢ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠳᠤ ᠣᠷᠣᠭᠤᠯᠬᠤ ᠱᠠᠭᠠᠷᠳᠠᠯᠭ᠎ᠠ᠃ ︵ᠬᠤᠶᠠᠷ︶ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠡ ᠨᠡᠮᠡᠨ ᠪᠤᠳᠤᠵᠤ ᠰᠠᠭᠤᠯᠭᠠᠨ ᠠᠪᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠃ ︵ᠭᠤᠷᠪᠠ︶ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠳᠠᠷᠠᠭᠠᠬᠢ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠃ ︵ᠲᠦᠷᠪᠡ︶ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠨᠢᠭᠲᠠᠯᠠᠨ ᠪᠤᠳᠤᠯᠳᠠ ᠶᠢᠨ ᠲᠣᠭᠠᠴᠠᠭᠠᠨ ᠤ ᠡᠮᠬᠢᠳᠬᠡᠯ᠃ ︵ᠲᠠᠪᠤ︶ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠡᠩᠰᠡᠯᠡᠨ ᠲᠡᠮᠳᠡᠭᠯᠡᠬᠦ᠂ ᠮᠡᠷᠭᠡᠵᠢᠯ ᠤᠨ ᠠᠷᠠᠯᠵᠢᠶ᠎ᠠ ᠬᠢᠭᠰᠡᠨ ᠤ ᠳᠠᠷᠠᠭᠠᠬᠢ ᠨᠥᠬᠦᠪᠥᠷᠢ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠢᠴᠢ ᠭᠦᠢᠴᠡᠤᠡᠭᠡᠬᠦ ᠴᠤᠪᠤᠷᠠᠯ ᠵᠡᠷᠭᠡ᠃ ᠪᠣᠯᠪᠠᠰᠤᠷᠠᠭᠤᠯᠤᠯ ᠳᠤ ᠭᠤᠤᠯᠳᠠᠭᠤ ᠮᠠᠨ ᠤ ᠲᠤᠭᠤᠷᠢᠭ ᠤᠨ ᠬᠡᠰᠡᠭ ᠬᠡᠪᠴᠢᠶᠡᠵᠢᠯ ᠠᠴᠠ ᠳᠡᠭᠡᠭᠰᠢᠬᠢ ᠠᠵᠤ  ᠤᠶᠢᠯᠡᠤᠡᠪᠤᠷᠢ ᠶᠢᠨ ᠠᠵᠤ ᠠᠬᠤᠶᠢᠯᠠᠯ ᠵᠢᠴᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠷᠢᠭᠤᠴᠠᠯᠭᠠᠲᠠᠨ ᠪᠣᠯᠤᠨ ᠡᠳ᠋ ᠤᠨ ᠶᠠᠪᠤᠳᠠᠯ ᠤᠨ ᠬᠠᠷᠢᠭᠤᠴᠠᠯᠭᠠᠲᠠᠨ ᠣᠷᠣᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠪᠠᠷ᠂ ᠮᠠᠨ ᠤ ᠲᠤᠭᠤᠷᠢᠭ ᠤᠨ 30 ᠭᠠᠷᠤᠶ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠲᠠᠢ ᠲᠥᠯᠥᠪᠵᠢᠭᠦᠯᠭᠡ ᠶᠢᠨ ᠠᠵᠤ ᠠᠬᠤᠶᠢᠯᠠᠯ ᠵᠢᠴᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠷᠢᠭᠤᠴᠠᠯᠭᠠᠲᠠᠨ ᠪᠣᠯᠤᠨ ᠡᠳ᠋ ᠤᠨ ᠶᠠᠪᠤᠳᠠᠯ ᠤᠨ ᠬᠠᠷᠢᠭᠤᠴᠠᠯᠭᠠᠲᠠᠨ ᠨᠡᠶᠢᠲᠡ 50 ᠬᠥᠮᠦᠨ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠵᠠᠶ᠃
      ᠪᠣᠯᠪᠠᠰᠤᠷᠠᠯ ᠨᠢ 2020 ᠣᠨ ᠠᠴᠠ ᠡᠬᠢᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠶᠢᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠶᠢ ᠪᠦᠷᠢᠳᠬᠡᠯ ᠤᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠶᠢ 4 ᠤᠳᠠᠭ᠎ᠠ ᠡᠷᠬᠢᠯᠡᠪᠡ᠃ ᠲᠤᠰᠬᠠᠶ ᠰᠡᠳᠦᠪᠲᠦ ᠪᠣᠯᠪᠠᠰᠤᠷᠠᠭᠤᠯᠤᠯ ᠢᠶᠠᠷ ᠳᠡᠮᠵᠢᠨ᠂ ᠮᠠᠨ ᠤ ᠲᠤᠭᠤᠷᠢᠭ ᠤᠨ ᠠᠵᠤ ᠠᠬᠤᠶᠢᠯᠠᠯ ᠢ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢᠨ ᠤᠬᠠᠭᠳᠠᠬᠤᠨ᠂ ᠵᠣᠷᠢᠯᠭ᠎ᠠ᠂ ᠠᠴᠢ ᠬᠤᠯᠪᠣᠭᠳᠠᠯ ᠤᠨ ᠲᠠᠯ᠎ᠠ ᠪᠠᠷ ᠤᠯᠠᠮ ᠨᠢᠭᠡ ᠠᠯᠬᠤᠮ ᠲᠠᠨᠢᠯᠲᠠ ᠲᠠᠢ ᠪᠣᠯᠭᠠᠵᠤ᠂ ᠰᠤᠳᠤᠯᠤᠨ ᠨᠡᠭᠡᠭᠡᠬᠦ ᠣᠷᠣᠭᠤᠯᠤᠯᠲᠠ ᠶᠢ ᠴᠤᠭᠯᠠᠭᠤᠯᠤᠨ ᠪᠦᠷᠢᠳᠬᠡᠬᠦ᠂ ᠭᠠᠶᠢᠯᠢ ᠲᠤᠰᠢᠶᠠᠬᠤ ᠠᠴᠠ ᠡᠮᠦᠨ᠎ᠡ ᠨᠡᠮᠡᠵᠦ ᠪᠤᠳᠤᠵᠤ ᠰᠠᠭᠤᠯᠭᠠᠨ ᠠᠪᠬᠤ ᠪᠠ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠳᠠᠷᠠᠭᠠᠬᠢ ᠨᠥᠬᠦᠪᠥᠷᠢ᠂ ᠮᠡᠷᠭᠡᠵᠢᠯ ᠤᠨ ᠰᠣᠯᠢᠯᠴᠠᠭ᠎ᠠ ᠶᠢᠨ ᠳᠠᠷᠠᠭᠠᠬᠢ ᠨᠥᠬᠦᠪᠥᠷᠢ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠬᠢᠨ ᠭᠥᠷᠳᠡᠬᠦ ᠲᠤᠬᠠᠶ ᠨᠠᠩ ᠲᠣᠳᠣᠷᠬᠠᠶ ᠲᠠᠨᠢᠯᠲᠠ ᠪᠠ ᠭᠦᠨᠵᠡᠭᠡᠶ ᠣᠶᠢᠯᠠᠭᠠᠯᠲᠠ ᠲᠠᠢ ᠪᠣᠯᠭᠠᠵᠤ᠂ ᠠᠵᠤ ᠠᠬᠤᠶᠢᠯᠠᠯ ᠤᠨ ᠪᠣᠳᠠᠲᠠᠶ ᠠᠵᠢᠯᠯᠠᠭᠠᠨ ᠢ ᠨᠠᠩ ᠰᠠᠶᠢᠲᠤᠷ ᠬᠢᠬᠦ ᠳᠤ ᠠᠰᠢᠭᠲᠠᠶ ᠪᠣᠯᠭᠠᠨ᠎ᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号