ᠬᠠᠶᠢᠷᠤᠪ ᠤᠨ ᠲᠣᠬᠤᠢ ᠲᠣᠭᠤᠷᠢᠭ ᠤᠨ ᠬᠡᠷ ᠬᠥᠷᠥᠩᠭᠡ ᠪᠠ ᠠᠳᠠᠯ ᠠᠬᠤᠶ ᠶᠢᠨ ᠤᠶᠢᠯᠡᠴᠢᠯᠡᠭᠡᠨ ᠤ ᠲᠥᠪ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ  ᠦᠷᠨᠢᠭᠦᠯᠪᠡ
ᠨᠡᠶᠢᠲᠡᠯᠡᠭᠰᠡᠨ ᠴᠠᠭ᠄
2021/12/24
     ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠪᠠᠯᠭᠠᠰᠤᠨ ᠤ ᠰᠢᠲᠠᠮᠠᠬᠠᠶ ᠬᠡᠢ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠳᠡᠯ ᠡᠭᠦᠰᠬᠦ ᠶᠢ ᠡᠷᠡᠰ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ 12 ᠳ᠋ᠤᠭᠠᠷ ᠰᠠᠷ᠎ᠠ ᠶᠢᠨ 15᠎ ᠤ ᠡᠳᠦᠷ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠶᠢᠷᠤᠪ ᠤᠨ ᠲᠣᠬᠤᠢ ᠲᠣᠭᠤᠷᠢᠭ ᠤᠨ ᠬᠡᠷ ᠬᠥᠷᠥᠩᠭᠡ ᠪᠠ ᠠᠳᠠᠯ ᠠᠬᠤᠶ ᠶᠢᠨ ᠤᠶᠢᠯᠡᠴᠢᠯᠡᠭᠡᠨ ᠤ ᠲᠥᠪ ᠠᠴᠠ ᠮᠠᠨ ᠤ ᠲᠤᠭᠤᠷᠢᠭ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠳᠠᠯᠳᠠ ᠬᠡᠮ ᠳᠤ ᠲᠤᠰᠬᠠᠶ ᠪᠠᠶᠢᠴᠠᠭᠠᠯᠲᠠ ᠬᠢᠪᠠ᠃
    ᠲᠣᠰ ᠤᠳᠠᠭᠠᠨ ᠤ ᠪᠠᠶᠢᠴᠠᠭᠠᠯᠲᠠ ᠶᠢᠨ ᠲᠣᠭᠤᠷᠢᠭ ᠲᠤ ᠳ᠋ᠦᠩ ᠰᠢᠨ ᠵᠢᠵᠢᠭ ᠲᠣᠭᠤᠷᠢᠭ᠂ ᠴᠦᠨ ᠱᠤ᠋ ᠵᠢᠵᠢᠭ ᠲᠣᠭᠤᠷᠢᠭ᠂ ᠲᠤᠤ ᠷᠠᠨ ᠵᠢᠵᠢᠭ ᠲᠣᠭᠤᠷᠢᠭ᠂ ᠰᠢᠤᠸᠠᠨ ᠽᠢ ᠶᠢᠨ ᠬᠡᠷ ᠣᠷᠣᠨ ᠪᠣᠶ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠦᠨᠳᠦᠰᠦᠯᠡᠨ 4 ᠬᠤᠪᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠪᠠᠶᠢᠴᠠᠭᠠᠭᠳᠠᠵᠤ ᠪᠠᠶᠢᠭ᠎ᠠ ᠠᠵᠤ ᠠᠬᠤᠶᠢᠯᠠᠯ ᠢ ᠢᠯᠡᠷᠡᠭᠦᠯᠦᠭᠰᠡᠨ ᠠᠰᠠᠭᠤᠳᠠᠯ ᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号