ᠬᠠᠶᠢᠷᠤᠪ ᠤᠨ ᠲᠤᠬᠤᠢ ᠲᠣᠭᠤᠷᠢᠭ ᠤᠨ ᠤᠳᠬ᠎ᠠ ᠤᠷᠠᠯᠢᠭ ᠤᠨ ᠦᠢᠯᠡᠰ ᠢ ᠭᠦᠨᠵᠡᠭᠡᠢ ᠲᠤᠤᠱᠯᠠᠭᠤᠯᠵᠤ᠂ ᠦᠷᠭᠦᠯᠵᠢᠯᠡᠨ ᠴᠡᠴᠡᠭᠯᠡᠭᠦᠯᠦᠨ ᠬᠥᠭᠵᠢᠭᠦᠯᠦᠶ᠎ᠡ︕
ᠨᠡᠶᠢᠲᠡᠯᠡᠭᠰᠡᠨ ᠴᠠᠭ᠄
2021/12/27
     12 ᠰᠠᠷ᠎ᠠ ᠶᠢᠨ 22᠎ ᠤᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠬᠢᠨ ᠥᠷᠭᠡᠨ ᠤᠯᠠᠨ ᠤᠳᠬ᠎ᠠ ᠤᠷᠠᠯᠢᠭ ᠲᠤ ᠪᠠᠭ᠋ᠠᠲᠠᠢ ᠬᠥᠮᠦᠰ ᠢ ᠵᠣᠬᠢᠶᠠᠨ ᠪᠠᠶᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠠᠷᠪᠠᠳᠤᠭᠠᠷ ᠶᠡᠭᠡ ᠬᠤᠷᠠᠯ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠨ ᠶᠢᠰᠦᠳᠦᠭᠡᠷ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠤᠷᠠᠯ ᠢ ᠥᠷᠨᠢᠭᠦᠯᠪᠡ᠃ ᠬᠤᠷᠠᠯ ᠳᠡᠭᠡᠷ᠎ᠡ᠂ ᠤᠯᠠᠨ ᠢᠶᠠᠷ ᠢᠶᠠᠨ ᠭᠤᠣᠯᠳᠠᠯᠭ᠎ᠠ ᠶᠢ ᠬᠤᠪᠢᠶᠠᠷᠢᠯᠠᠬᠤ᠂ ᠪᠣᠳᠠᠲᠤ  ᠵᠢᠱᠢᠶ᠎ᠡ ᠳᠤᠷᠠᠳᠬᠤ᠂ ᠲᠦᠷᠦᠭᠳᠡᠯ ᠢᠶᠠᠨ ᠶᠠᠷᠢᠬᠤ ᠠᠷᠭ᠎ᠠ ᠬᠡᠯᠪᠡᠷᠢ ᠪᠠᠷ ᠶᠠᠷᠢᠶᠠᠨ ᠤ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠶᠡᠭᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠶᠢ ᠭᠦᠨᠵᠡᠭᠡᠢ ᠰᠤᠷᠤᠯᠴᠠᠪᠠ᠃ ᠬᠠᠶᠢᠷᠤᠪ ‍ᠤᠨ‌‍ᠲ᠋ᠤᠬᠤᠢ  ᠲᠣᠭᠤᠷᠢᠭ ᠠᠴᠠ ᠢᠷᠡᠭᠰᠡᠨ ᠤᠳᠬ᠎ᠠ ᠤᠷᠠᠯᠢᠭ ᠤᠨ ᠲᠥᠯᠥᠭᠡᠯᠡᠭᠴᠢᠳ ᠰᠤᠷᠤᠯᠴᠠᠯᠭ᠎ᠠ ᠶᠢᠨ ᠦᠷ᠎ᠡ ᠪᠦᠲᠦᠭᠡᠯ ᠤᠨ ᠲᠤᠬᠠᠢ ᠣᠯᠤᠯᠲᠠ ᠲᠦᠷᠦᠭᠳᠡᠯ ᠢᠶᠠᠨ ᠰᠣᠯᠢᠯᠴᠠᠪᠠ᠃      ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠠᠷᠪᠠᠨ ᠨᠢᠭᠡᠳᠦᠭᠡᠷ ᠶᠡᠭᠡ ᠬᠤᠷᠠᠯ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠨ  ᠠᠷᠪᠠᠳᠤᠭᠠᠷ ᠶᠡᠭᠡ  ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠪᠣᠯ ᠮᠠᠷᠺᠰ ᠤᠨ ᠦᠵᠡᠯ ᠤᠨ ᠤᠨᠤᠯ ᠤᠨ ᠭᠡᠷᠡᠯ ᠰᠠᠴᠤᠷᠠᠩᠭᠤᠢ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠮᠥᠨ᠂ ᠰᠢᠨ᠎ᠡ ᠴᠠᠭ ᠦᠶ᠎ᠡ ᠳᠤ ᠨᠡᠶᠢᠭᠡᠮ ᠵᠢᠷᠤᠮ ᠤᠨ ᠤᠳᠬ᠎ᠠ ᠵᠣᠬᠢᠶᠠᠯ ᠤᠨ ᠦᠢᠯᠡᠰ ᠢ ᠴᠢᠨᠠᠭᠰᠢᠳᠠ ᠠᠬᠢᠭᠤᠯᠤᠨ ᠴᠡᠴᠡᠭᠯᠡᠭᠦᠯᠬᠦ ᠦᠨᠳᠦᠰᠦᠨ ᠵᠢᠷᠤᠮᠯᠠᠯ ᠮᠥᠨ᠃ ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠳᠤ ᠦᠶ᠎ᠡ ᠶᠢᠨ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠲᠡᠦᠬᠡᠨ ᠣᠷᠣᠨ ᠪᠠᠶᠢᠷᠢ ᠶᠢ ᠲᠣᠳᠣᠷᠬᠠᠶᠢᠯᠠᠵᠤ᠂ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠳ ᠤᠨ ᠶᠡᠭᠡ ᠲᠡᠦᠬᠡ ᠶᠢᠨ ᠦᠵᠡᠯᠲᠡ᠂ ᠶᠡᠭᠡ ᠴᠠᠭ ᠦᠶ᠎ᠡ ᠶᠢᠨ ᠦᠵᠡᠯᠲᠡ ᠶᠢ ᠪᠤᠢ ᠪᠣᠯᠭᠠᠬᠤ᠂ ᠲᠡᠦᠬᠡ ᠶᠢᠨ ᠠᠬᠢᠴᠠ ᠪᠣᠯᠤᠨ ᠴᠠᠭ ᠦᠶ᠎ᠡ ᠶᠢᠨ ᠶᠡᠭᠡ ᠬᠠᠨᠳᠤᠰᠢ ᠶᠢ ᠡᠵᠡᠮᠳᠡᠬᠦ᠂ ᠥᠨᠥᠳᠦᠷ ᠤᠨ ᠠᠭᠤᠤ ᠶᠡᠭᠡ ᠦᠢᠯᠡᠰ ᠢ ᠲᠤᠰᠬᠠᠬᠤ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠬᠢᠨ ᠠᠵᠢᠯ ᠢᠶᠠᠨ ᠦᠨᠳᠦᠰᠦᠨ ᠱᠠᠳᠤ ᠲᠡᠰᠢ ᠬᠡᠯᠪᠠᠶᠢᠯᠭᠡᠬᠦ ᠶᠢ ᠬᠦᠴᠦᠯᠡᠨ ᠠᠬᠢᠭᠤᠯᠵᠤ᠂ ᠦᠢᠯᠡᠴᠢᠯᠡᠭᠡ ᠪᠠᠨ ᠥᠷᠭᠡᠨ ᠤᠯᠠᠨ ᠤᠳᠬ᠎ᠠ ᠤᠷᠠᠯᠢᠭ ᠤᠨ ᠠᠵᠢᠯᠳᠠᠨ ᠲᠡᠰᠢ ᠥᠷᠭᠡᠳᠬᠡᠨ᠎ᠡ᠃ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠳ ᠤᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠶᠢ ᠵᠣᠷᠢᠭᠵᠢᠭᠤᠯᠤᠨ ᠬᠦᠳᠦᠯᠦᠨ ᠵᠢᠯᠣᠭᠤᠳᠴᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠭ ᠰᠠᠨᠠᠭ᠎ᠠ ᠪᠠᠨ ᠦᠯᠦ ᠮᠠᠷᠲᠠᠨ ᠦᠷᠭᠦᠯᠵᠢᠯᠡᠨ ᠤᠷᠤᠭᠰᠢᠯᠠᠵᠤ᠂ ᠨᠠᠮ ᠪᠣᠯᠤᠨ ᠠᠷᠠᠳ ᠲᠦᠮᠡᠨ ᠲᠠᠢ ᠬᠠᠮᠲᠤᠪᠠᠷ ᠲᠡᠮᠡᠴᠡᠬᠦ ᠶᠠᠪᠤᠴᠠ ᠳᠤ ᠰᠣᠳᠣᠨ ᠪᠦᠲᠦᠭᠡᠯ ᠢᠯᠡᠭᠦᠬᠡᠨ ᠭᠠᠷᠭᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠤᠳᠬ᠎ᠠ ᠤᠷᠠᠯᠢᠭ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号