ᠬᠠᠶᠢᠷᠤᠪ ᠤᠨ ᠲᠤᠬᠤᠢ ᠲᠣᠭᠤᠷᠢᠭ ᠤᠨ ᠠᠮᠢ ᠠᠬᠤᠢ ᠶᠢᠨ ᠵᠠᠰᠠᠯᠲᠠ ᠢᠯᠡᠳᠲᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2021/12/27
     2021 ᠣᠨ ᠳᠤ᠂ ᠬᠠᠶᠢᠷᠤᠪ ᠤᠨ ᠲᠤᠬᠤᠢ  ᠲᠣᠭᠤᠷᠢᠭ ᠤᠨ ᠬᠢᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠶ᠎ᠠ︾ ᠭᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽1+7︾᠎ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠪᠠᠶᠢᠷᠢᠰᠢᠯ ᠢ ᠯᠠᠪᠳᠠᠭᠤᠨ ᠪᠠᠲᠤᠲᠠᠢ ᠪᠠᠶᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠡᠭᠡ ᠬᠠᠮᠠᠭᠠᠯᠠᠯᠲᠠ ᠶᠡᠭᠡ ᠵᠠᠰᠠᠯᠲᠠ ᠶᠢ ᠳᠤᠪᠤᠶᠢᠮ᠎ᠠ ᠰᠠᠶᠢᠲᠤᠷ ᠠᠳᠬᠤᠵᠤ᠂ ᠠᠮᠢ ᠠᠬᠤᠢ ᠶᠢᠨ ᠵᠠᠰᠠᠯᠲᠠ ᠢᠯᠡᠳᠲᠡ ᠦᠷ᠎ᠡ ᠪᠦᠲᠦᠮᠵᠢ ᠣᠯᠵᠠᠢ᠃
     ᠬᠠᠶᠢᠷᠤᠪ ᠤᠨ ᠲᠤᠬᠤᠢ ᠲᠣᠭᠤᠷᠢᠭ ᠠᠭᠤᠷᠬᠠᠢ ᠶᠢᠨ ᠣᠷᠣᠨ ᠤ ᠵᠠᠰᠠᠯᠲᠠ ᠶᠢ ᠭᠦᠨᠵᠡᠭᠡᠢ ᠠᠬᠢᠭᠤᠯᠪᠠ᠃ ᠪᠥᠬᠦ ᠬᠤᠲᠠ ᠶᠢᠨ ᠲᠠᠯᠠᠪᠠᠶ ᠪᠠᠷ ᠬᠠᠮᠤᠭ ᠤᠨ ᠶᠡᠭᠡ᠂ ᠬᠤᠲᠠ ᠶᠢᠨ ᠲᠣᠭᠤᠷᠢᠭ ᠠᠴᠠ ᠬᠠᠮᠤᠭ ᠤᠨ ᠣᠶᠢᠷ᠎ᠠ᠂ ᠨᠥᠯᠥᠭᠡᠯᠡᠬᠦ ᠴᠠᠭ ᠢᠶᠠᠷ ᠬᠠᠮᠤᠭ ᠤᠨ ᠣᠷᠳᠣ ᠤᠤᠯ ᠤᠨ ᠬᠠᠭᠤᠴᠢᠨ ᠠᠭᠤᠶ ᠶᠢᠨ ᠭᠤᠤ ᠶᠢᠨ ᠡᠵᠡᠨ ᠥᠬᠡᠶ ᠭᠠᠯ ᠤᠨ ᠣᠷᠣᠨ ᠢ ᠪᠦᠬᠦᠨ ᠢ ᠤᠨᠲᠠᠷᠠᠭᠠᠵᠤ᠂ ᠠᠭᠤᠷᠬᠠᠶ ᠶᠢᠨ ᠣᠷᠣᠨ ᠤ ᠭᠠᠯ ᠤᠨ ᠴᠡᠭ ᠢ ᠪᠥᠬᠦ ᠲᠠᠯ᠎ᠠ ᠪᠠᠷ ᠬᠥᠳᠡᠯᠦᠩᠭᠦᠶ ᠪᠠᠷ ︽ᠲᠡᠭ ᠪᠣᠯᠭᠠᠬᠤ︾᠎ ᠶᠢ ᠪᠡᠶᠡᠯᠡᠭᠦᠯᠪᠡ᠃ ᠠᠭᠤᠷᠬᠠᠶ ᠶᠢᠨ ᠣᠷᠣᠨ ᠤ ᠠᠮᠢ ᠠᠬᠤᠶ ᠶᠢ ᠰᠡᠷᠭᠦᠭᠡᠬᠦ ᠲᠥᠰᠦᠯ ᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ᠨᠡᠭᠦᠷᠡᠰᠦᠨ ᠠᠭᠤᠷᠬᠠᠶ ᠶᠢ ᠡᠮᠬᠢᠯᠡᠨ ᠨᠡᠶᠢᠯᠡᠭᠦᠯᠬᠦ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠣᠶᠤᠨᠴᠢ ᠬᠠᠮᠢᠶᠠᠷᠤᠨ ᠡᠵᠡᠮᠳᠡᠬᠦ ᠰᠢᠰᠲ᠋ᠧᠮ ᠢ ᠪᠠᠶᠢᠭᠤᠯᠤᠨ ᠳᠠᠭᠤᠰᠬᠠᠵᠤ᠂ ᠠᠭᠤᠷᠬᠠᠶ ᠶᠢᠨ ᠣᠷᠣᠨ ᠤ ᠵᠠᠮ ᠢ ᠪᠢᠲᠡᠭᠦᠮᠵᠢᠯᠡᠨ ᠬᠠᠮᠢᠶᠠᠷᠬᠤ ᠶᠢ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠬᠠᠶᠢᠷᠤᠪ ᠤᠨ ᠲᠤᠬᠤᠢ  ᠲᠣᠭᠤᠷᠢᠭ ᠤᠨ ᠬᠢᠨ ᠲᠣᠭᠤᠷᠢᠨ ᠪᠠᠶᠢᠴᠠᠭᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ 36 ᠠᠭᠤᠷᠬᠠᠢ ᠶᠢᠨ ᠣᠷᠣᠨ ᠤ ᠠᠵᠤ ᠠᠬᠤᠶᠢᠯᠠᠯ ᠳᠤ 143 ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠵᠤ᠂ ᠮᠠᠯᠲᠠᠬᠤ ᠲᠠᠯᠠᠪᠠᠢ᠂ ᠰᠢᠭᠠᠷᠤ ᠭᠠᠳᠠᠭᠰᠢᠯᠠᠭᠤᠯᠬᠤ ᠲᠠᠯᠠᠪᠠᠢ᠂ ᠨᠡᠭᠦᠷᠡᠰᠦᠨ ᠴᠢᠯᠠᠭᠤ ᠣᠪᠣᠭᠠᠯᠠᠬᠤ ᠲᠠᠯᠠᠪᠠᠢ᠂ ᠨᠡᠭᠦᠷᠡᠰᠦ ᠬᠠᠳᠠᠭᠠᠯᠠᠬᠤ ᠲᠠᠯᠠᠪᠠᠢ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠠᠶᠢᠳᠠᠯ ᠢ ᠴᠠᠭ ᠲᠤᠬᠠᠢ ᠳᠤᠨᠢ ᠬᠢᠨᠠᠨ ᠡᠵᠡᠮᠳᠡᠵᠦ᠂ ᠠᠭᠤᠷᠬᠠᠢ ᠶᠢᠨ ᠣᠷᠣᠨ ᠤ ᠠᠵᠤ ᠠᠬᠤᠶᠢᠯᠠᠯ ᠤᠨ ᠦᠢᠯᠡᠳᠪᠦᠷᠢᠯᠡᠯ ᠤᠨ ᠪᠦᠬᠦ ᠶᠠᠪᠤᠴᠠ ᠳᠠᠬᠢ ᠲᠣᠭᠤᠰᠣ ᠰᠢᠷᠣᠢ ᠶᠢᠨ ᠪᠣᠬᠢᠷᠲᠤᠯ ᠢ ᠬᠠᠮᠢᠶᠠᠷᠤᠨ ᠡᠵᠡᠮᠳᠡᠬᠦ ᠶᠢ ᠦᠨᠡᠨᠬᠦ ᠴᠢᠩᠭᠠᠳᠬᠠᠵᠠᠢ᠃ ᠬᠠᠶᠢᠷᠤᠪ ᠤᠨ ᠲᠤᠬᠤᠢ  ᠲᠤᠭᠤᠷᠢᠭ ᠤᠨ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠤᠰᠤ ᠬᠠᠩᠭᠠᠬᠤ ᠢᠨᠵᠧᠨᠧᠷᠢᠩ ᠢ ᠪᠡᠶᠡᠯᠡᠭᠦᠯᠵᠦ᠂ 2 ᠰᠠᠭᠤᠷᠢ ᠤᠰᠤ ᠬᠠᠩᠭᠠᠬᠤ ᠬᠥᠭᠡᠷᠭᠡ ᠶᠢᠨ ᠦᠷᠳᠡᠭᠡ᠂ 6 ᠤᠰᠤ ᠠᠪᠬᠤ ᠠᠮᠠᠰᠠᠷ ᠢ ᠪᠠᠶᠢᠭᠤᠯᠵᠤ᠂ ᠠᠭᠤᠷᠬᠠᠢ ᠶᠢᠨ ᠣᠷᠣᠨ ᠤ ᠨᠣᠭᠤᠭᠠᠷᠠᠭᠤᠯᠤᠯᠲᠠ ᠭᠤᠶᠤᠵᠢᠭᠤᠯᠤᠯᠳᠠ ᠶᠢᠨ ᠤᠰᠤ ᠬᠠᠩᠭᠠᠬᠤ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠪᠡ᠃    ᠨᠢᠭᠡ ᠵᠢᠯ ᠤᠨ ᠲᠤᠷᠰᠢ᠂ ᠬᠠᠶᠢᠷᠤᠪ ᠤᠨ ᠲᠤᠬᠤᠢ ᠲᠤᠭᠤᠷᠢᠭ ᠲᠤ ᠠᠭᠠᠷ ᠮᠠᠨᠳᠠᠯ ᠤᠨ ᠪᠣᠬᠢᠷᠲᠤᠯ ᠢ ᠤᠨᠢᠨ ᠳᠡᠭᠡᠷ᠎ᠡ ᠨᠢ ᠬᠠᠮᠢᠶᠠᠷᠤᠨ ᠡᠵᠡᠮᠳᠡᠬᠦ ᠶᠢ ᠪᠡᠶᠡᠯᠡᠭᠦᠯᠪᠡ᠃ ᠠᠭᠠᠷ ᠮᠠᠨᠳᠠᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ 43 ᠲᠦᠷᠦᠯ ᠵᠦᠢᠯ ᠢ ᠬᠡᠷᠡᠭᠵᠢᠭᠦᠯᠵᠦ᠂ ᠬᠡᠦᠷᠰᠢᠭᠦᠯᠦᠭᠰᠡᠨ 5 ᠠᠵᠤ ᠠᠬᠤᠶᠢᠯᠠᠯ ᠪᠦᠬᠦᠨ ᠢᠶᠠᠷ ᠢᠶᠠᠨ VOC᠎ ᠶᠢᠨ ᠵᠠᠰᠠᠯᠲᠠ ᠶᠢ ᠪᠡᠶᠡᠯᠡᠭᠦᠯᠪᠡ︔ 2 ᠪᠠᠶᠢᠰᠢᠩ ᠬᠡᠷ ᠤᠨ ᠵᠠᠯᠭᠠᠯᠳᠤᠭᠰᠠᠨ ᠲᠣᠭᠤᠷᠢᠭ ᠲᠤ᠂ 560 ᠡᠷᠦᠬᠡ ᠰᠠᠭᠤᠭᠠᠯᠢ ᠠᠷᠠᠳ ᠤᠨ ᠠᠷᠢᠭᠤᠨ ᠴᠡᠪᠡᠷ ᠢᠶᠠᠷ ᠳᠤᠯᠠᠭᠠᠯᠠᠭ᠎ᠠ ᠬᠠᠩᠭᠠᠬᠤ ᠶᠢ ᠪᠡᠶᠡᠯᠡᠭᠦᠯᠪᠡ᠃ ᠬᠠᠶᠢᠷᠤᠪ ᠤᠨ ᠲᠤᠬᠤᠢ ᠶᠢᠨ ᠬᠤᠲᠠ ᠶᠢᠨ ᠲᠣᠭᠤᠷᠢᠭ ᠤᠨ ᠵᠠᠮ ᠤᠨ ᠲᠠᠯᠠᠪᠠᠢ 520 ᠲᠦᠮᠡᠨ ᠲᠡᠭᠰᠢ ᠳᠥᠷᠪᠡᠯᠵᠢᠨ ᠮᠧᠲᠷ᠂ ᠵᠡᠭᠡᠯᠢ ᠭᠤᠳᠤᠮᠵᠢ 42 ᠵᠤᠷᠪᠤᠰ ᠪᠠᠶᠢᠵᠤ᠂ ︽ᠵᠠᠮ ᠤᠨ ᠳᠠᠷᠤᠭ᠎ᠠ ᠶᠢᠨ ᠳᠦᠷᠢᠮ︾᠎ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠤᠲᠠ ᠶᠢᠨ ᠲᠣᠭᠤᠷᠢᠭ ᠤᠨ ᠵᠠᠮ ᠤᠨ ᠲᠣᠭᠤᠰᠣ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠣᠳᠣᠬᠠᠨ ᠳᠤ᠂ ᠠᠷᠠᠳ ᠤᠨ ᠵᠠᠮ᠂ ᠰᠢᠨᠬᠤᠸᠠ ᠵᠡᠭᠡᠯᠢ᠂ ᠬᠠᠶᠢᠯᠠᠷ ᠵᠠᠮ ᠵᠡᠷᠭᠡ ᠣᠯᠠᠨ ᠵᠠᠮ ᠤᠨ ᠬᠡᠰᠡᠭ ᠲᠤ ᠮᠧᠬᠠᠨᠢᠭ ᠢᠶᠠᠷ ᠴᠡᠪᠡᠷᠯᠡᠬᠦ ᠠᠵᠢᠯ ᠢ ᠬᠡᠷᠡᠭᠵᠢᠭᠦᠯᠵᠦ᠂ ᠮᠧᠬᠠᠨᠢᠭ ᠢᠶᠠᠷ ᠴᠡᠪᠡᠷᠯᠡᠬᠦ ᠨᠣᠷᠮ᠎ᠠ 85%᠎ ᠠᠴᠠ ᠳᠡᠭᠡᠭᠰᠢ ᠳᠤ ᠬᠦᠷᠴᠦ᠂ ᠵᠠᠮ ᠤᠨ ᠬᠤᠭ ᠲᠣᠭᠤᠰᠣ ᠶᠢ ᠪᠦᠲᠦᠮᠵᠢᠲᠡᠶ ᠪᠠᠷ ᠬᠤᠷᠢᠭᠯᠠᠵᠤ ᠪᠠᠶᠢᠨ᠎ᠠ᠃ ᠡᠭᠦᠨ ᠠᠴᠠ ᠭᠠᠳᠠᠨ᠎ᠠ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠪᠠᠰᠠ ᠪᠠᠶᠢᠭᠤᠯᠤᠯᠲᠠ ᠶᠢᠨ ᠲᠣᠭᠤᠷᠢᠭ ᠤᠨ ᠰᠢᠷᠠᠯᠭ᠎ᠠ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ ᠪᠣᠬᠢᠷᠲᠤᠯ ᠢ ᠴᠡᠭᠴᠡᠯᠡᠨ ᠵᠠᠰᠠᠬᠤ ᠠᠵᠢᠯ ᠢ ᠪᠣᠶ ᠪᠥᠬᠦᠶ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠳᠤ ᠲᠣᠰᠣ ᠣᠲᠤᠭ᠎ᠠ ᠴᠡᠪᠡᠷᠰᠢᠭᠦᠯᠬᠦ ᠥᠨᠳᠥᠷ ᠪᠦᠲᠦᠮᠵᠢᠲᠡᠶ ᠲᠥᠬᠦᠭᠡᠷᠦᠮᠵᠢ ᠤᠭᠰᠠᠷᠠᠬᠤ ᠶᠢᠨ ᠬᠠᠮᠲᠤ ᠲᠣᠰᠣ ᠣᠲᠤᠭ᠎ᠠ ᠴᠡᠪᠡᠷᠰᠢᠭᠦᠯᠬᠦ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠨ ᠴᠡᠪᠡᠷ ᠠᠷᠠᠴᠢᠯᠠᠨ ᠬᠠᠮᠠᠭᠠᠯᠠᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠲᠣᠰᠣ ᠣᠲᠤᠭ᠎ᠠ ᠴᠡᠪᠡᠷᠰᠢᠭᠦᠯᠬᠦ ᠲᠥᠬᠦᠭᠡᠷᠦᠮᠵᠢ ᠶᠢ ᠳᠤᠷ᠎ᠠ ᠪᠠᠷ ᠢᠶᠠᠨ ᠵᠠᠳᠠᠯᠵᠤ ᠪᠠᠭᠤᠯᠭᠠᠬᠤ ᠪᠠ ᠲᠡᠭᠡᠭᠡᠪᠦᠷᠢᠯᠡᠬᠦ ᠶᠢ ᠵᠣᠭᠰᠣᠭᠠᠬᠤ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠡᠯ᠎ᠡ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠲᠣᠰᠣ ᠣᠲᠤᠭ᠎ᠠ ᠴᠡᠪᠡᠷᠰᠢᠭᠦᠯᠬᠦ ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ 12 ᠰᠠᠷ᠎ᠠ  ᠶᠢᠨ 23᠎ ᠤ ᠡᠳᠦᠷ ᠪᠣᠯᠲᠠᠯ᠎ᠠ᠂ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠠᠭᠠᠷ ᠤᠨ ᠴᠢᠨᠠᠷ ᠴᠢᠨᠰᠠᠭ᠎ᠠ ᠰᠠᠶᠢᠨ ᠡᠳᠦᠷ ᠤᠨ ᠲᠤᠭ᠎ᠠ 283 ᠡᠳᠦᠷ ᠪᠠᠶᠢᠵᠤ᠂ 45 ᠡᠳᠦᠷ ᠤᠨ ᠡᠯᠡᠰᠦ ᠲᠣᠭᠤᠰᠣ ᠶᠢ ᠭᠠᠷᠭᠠᠭᠰᠠᠨ ᠤ ᠳᠠᠷᠠᠭ᠎ᠠ᠂ ᠪᠠᠷᠢᠮᠵᠢᠶ᠎ᠠ ᠳᠤ ᠬᠦᠷᠦᠭᠰᠡᠨ ᠨᠣᠷᠮ᠎ᠠ ᠨᠢ 89.6% ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.5 ᠵᠠᠭᠤᠨ ᠤ ᠨᠢᠭᠡᠴᠢ ᠳᠡᠭᠡᠭᠰᠢᠯᠡᠵᠡᠶ᠃    ᠨᠢᠭᠡ ᠵᠢᠯ ᠤᠨ ᠲᠤᠷᠰᠢ᠂ ᠬᠠᠶᠢᠷᠤᠪ ᠤᠨ ᠲᠤᠬᠤᠢ ᠲᠤᠭᠤᠷᠢᠭ ᠤᠨ ᠤᠰᠤ ᠰᠢᠷᠣᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠬᠠᠲᠤᠨ ᠭᠤᠤᠯ ᠤᠨ ᠵᠠᠮ ᠤᠨ ᠬᠤᠯᠪᠣᠭᠳᠠᠯ ᠪᠥᠬᠦᠶ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠦᠨᠡᠨᠬᠦ ᠠᠬᠢᠭᠤᠯᠵᠤ᠂ ᠬᠠᠲᠤᠨ ᠭᠤᠤᠯ ᠤᠨ ᠡᠷᠭᠢ ᠳᠠᠭᠠᠤ ᠶᠢᠨ ᠬᠠᠮᠢᠶ᠎ᠠ ᠪᠥᠬᠦᠶ ᠵᠠᠰᠠᠭ ᠵᠠᠬᠢᠷᠭᠠᠨ ᠤ ᠲᠣᠰᠬᠤᠨ᠂ ᠲᠣᠰᠬᠤᠨ ᠤ ᠠᠷᠠᠳ ᠤᠨ ᠳᠤᠭᠤᠶᠢᠯᠠᠩ ᠳᠤ ᠴᠢᠭᠯᠡᠭᠦᠯᠬᠦ ᠴᠢᠨᠠᠷᠲᠠᠶ ᠪᠠᠷ ︽ᠬᠠᠲᠤᠨ ᠭᠤᠤᠯ ᠤᠨ ᠰᠠᠶᠢᠷᠭᠠᠯ ᠤᠨ ᠣᠷᠣᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠵᠣᠭᠰᠣᠭᠠᠬᠤ ᠲᠤᠬᠠᠶ ᠵᠠᠷᠯᠠᠯ︾ ᠵᠡᠷᠭᠡ ᠣᠯᠠᠨ ᠵᠦᠶ᠋ᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠬᠠᠶᠢᠷᠤᠪ ᠤᠨ ᠲᠤᠬᠤᠢ ᠲᠤᠭᠤᠷᠢᠭ ᠤᠨ ᠬᠠᠲᠤᠨ ᠭᠤᠤᠯ ᠤᠨ ᠰᠠᠶᠢᠷᠭᠠᠯ ᠤᠨ ᠣᠷᠣᠨ ᠤ ᠬᠡᠪᠴᠢᠶᠡᠨ ᠳᠤ ᠬᠡᠷ ᠪᠠᠶᠢᠰᠢᠩ ᠪᠠ ᠣᠷᠣᠰᠢᠨ ᠰᠠᠭᠤᠬᠤ ᠬᠥᠮᠦᠨ ᠠᠮᠠ ᠣᠷᠣᠰᠢᠬᠤ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ 9 ᠲᠥᠷᠥᠯ ᠵᠤᠶᠢᠯ ᠢ ᠬᠡᠷᠡᠭᠵᠢᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ᠳᠥᠷᠪᠡᠨ ᠡᠷᠦᠶ ᠬᠤᠷᠤᠶ ᠥᠬᠡᠶ ᠪᠠᠶᠢᠳᠠᠯ ᠢ ᠭᠦᠨᠵᠡᠭᠡᠶ ᠴᠡᠭᠴᠡᠯᠡᠨ ᠵᠠᠰᠠᠵᠤ᠂ ᠳᠤᠮᠳᠠ ᠵᠡᠷᠭᠡ ᠶᠢᠨ ᠤᠰᠤ᠂ ᠰᠡᠶᠢᠷᠡᠭ ᠬᠠᠭᠤᠷᠠᠶ ᠤᠰᠤ ᠶᠢ ᠳᠠᠬᠢᠨ ᠳᠠᠪᠲᠠᠨ ᠬᠡᠷᠡᠭᠯᠡᠬᠦ ᠨᠣᠷᠮ᠎ᠠ ᠶᠢ 100%᠎ ᠳᠤ ᠬᠦᠷᠦᠭᠦᠯᠪᠡ᠃ ᠪᠣᠬᠢᠷᠲᠤᠯ ᠢ ᠰᠠᠯᠭᠠᠨ ᠲᠣᠬᠢᠷᠠᠭᠤᠯᠬᠤ ᠥᠭᠡᠷᠡᠴᠢᠯᠡᠯᠲᠡ ᠶᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠥᠯᠬᠢᠨ ᠠᠬᠢᠭᠤᠯᠤᠨ᠎ᠠ᠃     ᠡᠭᠦᠨ ᠠᠴᠠ ᠭᠠᠳᠠᠨ᠎ᠠ᠂ ᠬᠠᠶᠢᠷᠤᠪ ᠤᠨ ᠲᠤᠬᠤᠢ ᠲᠣᠭᠤᠷᠢᠭ ᠤᠨ ︽ᠲᠠᠯᠠᠪᠠᠢ ᠶᠢ ᠵᠠᠰᠠᠬᠤ︾ ᠠᠷᠭ᠎ᠠ  ᠬᠡᠮᠵᠢᠶ᠎ᠡ ᠶᠢ ᠳᠠᠰᠤᠷᠠᠯᠳᠠ ᠦᠬᠡᠢ ᠰᠢᠯᠢᠳᠡᠭᠵᠢᠭᠦᠯᠵᠦ᠂ ︽ᠲᠡᠷᠭᠡ ᠶᠢ ᠵᠠᠰᠠᠬᠤ︾ ᠠᠵᠢᠯ ᠢ ᠲᠦᠷᠭᠡᠨ ᠠᠬᠢᠭᠤᠯᠵᠤ᠂ ︽ᠵᠠᠮ ᠢ ᠵᠠᠰᠠᠬᠤ︾ ᠠᠵᠢᠯ ᠢ ᠬᠦᠴᠦᠲᠡᠢ ᠪᠠᠲᠤᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠬᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠦᠨᠡᠨᠬᠦ ᠰᠠᠶᠢᠲᠤᠷ ᠵᠠᠮᠨᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠠᠰᠤᠷᠠᠯᠳᠠ ᠦᠬᠡᠢ ᠰᠠᠶᠢᠵᠢᠷᠠᠭᠤᠯᠬᠤ ᠪᠠᠷ ᠴᠢᠷᠮᠠᠶᠢᠨ᠎ᠠ᠃            
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号