ᠬᠠᠬᠢᠷ ᠬᠦᠢᠲᠡᠨ ᠡᠪᠦᠯ ᠪᠠᠴᠢᠮ ᠠᠪᠤᠷᠠᠯᠲᠠ ᠬᠠᠯᠠᠭᠤᠨ ᠳᠤᠯᠠᠭᠠᠨ ᠢ ᠭᠦᠷᠭᠡᠨ᠎ᠡ
ᠨᠡᠶᠢᠲᠡᠯᠡᠭᠰᠡᠨ ᠴᠠᠭ᠄
2021/12/3
     ᠣᠶᠢᠷ᠎ᠠ ᠶᠢᠨ ᠬᠤᠭᠤᠴᠠᠭᠠᠨ ᠳᠤ᠂ ᠬᠠᠶᠢᠷᠤᠪ ᠤᠨ ᠪᠤᠯᠤᠩ ᠲᠣᠭᠤᠷᠢᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠬᠢᠨ ᠥᠪᠡᠷᠲᠡᠭᠡᠨ ᠵᠠᠰᠠᠬᠤ ᠣᠷᠣᠨ ᠤ ᠳᠡᠰ ᠤᠨ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠶᠢ ᠬᠠᠪᠰᠤᠷᠤᠨ ᠲᠡᠳᠬᠦᠬᠦ ᠲᠥᠷᠥᠯ ᠵᠦᠢᠯ ᠢ ᠬᠡᠷᠡᠭᠵᠢᠭᠦᠯᠬᠦ ᠠᠵᠢᠯ ᠤᠨ ᠳᠤᠮᠳᠠ᠂ 2021 ᠣᠨ ᠳᠤ ᠮᠠᠨ ᠤ ᠲᠤᠭᠤᠷᠢᠭ ᠲᠤ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ 10᠎ ᠶᠢ ᠰᠢᠨ᠎ᠡ ᠪᠠᠷ ᠨᠡᠮᠡᠭᠳᠡᠭᠦᠯᠵᠦ ︵ᠲᠥᠯᠥᠪᠯᠡᠭᠡᠲᠦ ᠦᠷᠡᠵᠢᠯ ᠤᠨ ᠬᠥᠮᠦᠨ ᠤ ᠭᠠᠭᠴᠠ ᠬᠡᠦᠬᠡᠳ ᠢᠶᠠᠨ ᠠᠯᠳᠠᠭᠰᠠᠨ ᠭᠡᠷ ᠪᠦᠯᠢ︶᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠬᠦᠷᠲᠡᠭᠡᠬᠦ ᠶᠢᠨ ᠲᠥᠯᠥᠭᠡ᠂ ︽ᠭᠤᠷᠪᠠᠨ ᠴᠢᠬᠤᠯᠠ ᠨᠢᠭᠡ ᠶᠡᠭᠡ︾ ᠬᠤᠷᠠᠯ ᠢ ᠴᠠᠭ ᠲᠤᠬᠠᠶ ᠳᠤᠨᠢ ᠬᠤᠷᠠᠯᠳᠤᠭᠤᠯᠵᠤ᠂ ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ ᠪᠦᠯᠢ ᠳᠤ 10000 ᠲᠥᠭᠦᠷᠢᠭ ᠤᠨ ᠪᠠᠴᠢᠮ ᠠᠪᠤᠷᠠᠯᠳᠠ ᠶᠢᠨ ᠮᠥᠩᠭᠦ ᠣᠯᠭᠤᠵᠤ᠂ ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ ᠪᠦᠯᠢ ᠶᠢ ᠬᠠᠶᠢᠷᠠᠯᠠᠨ ᠬᠠᠯᠠᠮᠵᠢᠯᠠᠵᠤ᠂ ᠲᠡᠳᠡᠨ ᠳᠤ ᠨᠡᠶᠢᠭᠡᠮᠯᠢᠭ ᠤᠨ ᠶᠡᠭᠡ ᠬᠡᠷ ᠪᠦᠯᠢ ᠶᠢᠨ ᠬᠠᠯᠠᠭᠤᠨ ᠳᠤᠯᠠᠭᠠᠨ ᠢ ᠦᠨᠡᠨ ᠬᠦ ᠮᠡᠳᠡᠷᠡᠭᠦᠯᠪᠡ᠃      ᠬᠠᠶᠢᠷᠤᠪ ᠤᠨ ᠲᠤᠬᠤᠢ ᠲᠣᠭᠤᠷᠢᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠠᠴᠠ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠶᠢᠨ ᠠᠪᠤᠷᠠᠨ ᠲᠤᠰᠠᠯᠠᠬᠤ ᠠᠵᠢᠯ ᠢ ᠴᠢᠬᠤᠯᠠᠴᠢᠯᠠᠨ ᠰᠠᠶᠢᠲᠤᠷ ᠬᠢᠵᠦ᠂ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠶᠢᠨ ᠬᠡᠷᠡᠭᠴᠡᠭᠡ᠂ ᠪᠣᠳᠣᠯ ᠵᠡᠷᠭᠡ ᠪᠠᠶᠢᠳᠠᠯ ᠢ ᠴᠠᠭ ᠲᠤᠬᠠᠶ ᠳᠤᠨᠢ ᠣᠶᠢᠯᠠᠭᠠᠵᠤ᠂ ᠲᠡᠳᠡᠨ ᠤ ᠰᠠᠨᠠᠯ ᠪᠠ ᠬᠦᠰᠡᠯ ᠱᠠᠭᠠᠷᠳᠠᠯᠭ᠎ᠠ ᠶᠢ ᠰᠣᠨᠣᠰᠴᠤ᠂ ᠲᠡᠳᠡᠨ ᠤ ᠦᠢᠯᠡᠳᠪᠦᠷᠢᠯᠡᠯ ᠠᠮᠢᠳᠤᠷᠠᠯ᠂ ᠡᠷᠡᠭᠦᠯ ᠴᠢᠭᠢᠷᠠᠭ ᠤᠨ ᠪᠠᠶᠢᠳᠠᠯ᠂ ᠬᠠᠶᠢᠷ᠎ᠠ ᠰᠡᠳᠬᠢᠯᠭᠡ ᠶᠢᠨ ᠨᠠᠶᠢᠳᠠᠯᠭ᠎ᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠨᠠᠷᠢᠨ ᠣᠶᠢᠯᠠᠭᠠᠵᠤ᠂ ᠲᠡᠳᠡᠨ ᠤ ᠰᠡᠳᠬᠢᠴᠡ ᠶᠢᠨ ᠬᠠᠷᠰᠢ ᠰᠠᠭᠠᠳ ᠢ ᠬᠥᠲᠥᠯᠥᠨ ᠵᠢᠯᠣᠭᠤᠳᠴᠤ᠂ ᠲᠡᠳᠡᠨ ᠤ ᠠᠮᠢᠳᠤᠷᠠᠯ ᠤᠨ ᠬᠦᠴᠢᠷᠳᠡᠯ ᠢ ᠨᠢ ᠴᠢᠳᠠᠬᠤ ᠶᠢᠨ ᠬᠢᠷᠢ ᠪᠠᠷ ᠴᠠᠭ ᠲᠤᠬᠠᠶ ᠳᠤᠨᠢ ᠬᠠᠪᠰᠤᠷᠤᠨ ᠰᠢᠢᠤᠡᠪᠤᠷᠢᠯᠡᠵᠤ᠂ ᠭᠡᠷ ᠪᠦᠯᠢ ᠨᠢᠭᠡᠪᠦᠷᠢ ᠶᠢᠨ ᠵᠣᠪᠠᠭᠤᠷᠢ ᠵᠦᠳᠡᠭᠦᠷᠢ ᠶᠢᠨ ᠳᠤᠮᠳᠠ ᠠᠴᠠ ᠢᠳᠡᠪᠬᠢᠲᠡᠶ ᠪᠠᠷ ᠭᠠᠷᠴᠤ ᠢᠷᠡᠬᠦ᠂ ᠨᠡᠶᠢᠭᠡᠮ ᠲᠣᠭᠤᠷᠢᠭ ᠤᠨ ᠠᠮᠢᠳᠤᠷᠠᠯ ᠳᠤ ᠠᠭᠤᠰᠤᠨ ᠣᠷᠣᠬᠤ᠂ ᠨᠡᠶᠢᠭᠡᠮ ᠲᠣᠭᠤᠷᠢᠭ ᠤᠨ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠵᠤ᠂ ᠦᠨᠡᠨ ᠬᠦ ᠡᠶ᠎ᠡ ᠵᠣᠬᠢᠴᠠᠯ ᠲᠠᠢ ᠬᠠᠶᠢᠷᠤᠪ ᠤᠨ ᠪᠤᠯᠤᠩ ᠤᠨ ᠨᠢᠭᠡ ᠭᠡᠰᠢᠭᠦᠨ ᠪᠣᠯᠬᠤ ᠶᠢ ᠵᠣᠷᠢᠭᠵᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号