ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠲᠦᠷᠦᠯ ᠵᠦᠢᠯ ᠪᠤᠯᠬᠤ ︽ᠳᠤᠮᠳᠠ ᠳᠣᠤᠷ᠎ᠠ ᠳᠠᠷᠤᠯᠲᠠᠲᠤ ᠴᠡᠪᠡᠷ ᠤᠰᠤᠲᠥ᠋ᠷᠥᠭᠴᠢ ᠬᠢᠭᠡᠳ ᠤᠰᠤᠲᠥ᠋ᠷᠥᠭᠴᠢ ᠬᠤᠯᠢᠭᠰᠠᠨ ᠰᠢᠲᠠᠮᠠᠬᠠᠶ ᠬᠡᠶ ᠶᠢᠨ ᠬᠤᠭᠤᠯᠠᠶ ᠶᠢ ᠳᠠᠮᠵᠢᠭᠤᠯᠤᠨ ᠬᠦᠷᠭᠡᠬᠦ ᠵᠢᠴᠢ ᠬᠡᠷᠡᠭᠯᠡᠭᠡᠨ ᠤ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ︾ ᠲᠥᠷᠥᠯ ᠵᠦᠢᠯ ᠮᠠᠨ ᠤ ᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2021/12/3
    12 ᠳ᠋ᠤᠭᠠᠷ ᠰᠠᠷ᠎ᠠ ᠶᠢᠨ 2᠎ ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠲᠦᠷᠦᠯ ᠵᠦᠢᠯ ᠪᠤᠯᠬᠤ ︽ᠳᠤᠮᠳᠠ ᠳᠣᠤᠷ᠎ᠠ ᠳᠠᠷᠤᠯᠲᠠᠲᠤ ᠴᠡᠪᠡᠷ ᠤᠰᠤᠲᠥ᠋ᠷᠥᠭᠴᠢ ᠬᠢᠭᠡᠳ ᠤᠰᠤᠲᠥ᠋ᠷᠥᠭᠴᠢ ᠬᠤᠯᠢᠭᠰᠠᠨ ᠰᠢᠲᠠᠮᠠᠬᠠᠶ ᠬᠡᠶ ᠶᠢᠨ ᠬᠤᠭᠤᠯᠠᠶ ᠶᠢ ᠳᠠᠮᠵᠢᠭᠤᠯᠤᠨ ᠬᠦᠷᠭᠡᠬᠦ ᠵᠢᠴᠢ ᠬᠡᠷᠡᠭᠯᠡᠭᠡᠨ ᠤ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ︾ ᠲᠥᠷᠥᠯ ᠵᠦᠢᠯ ᠮᠠᠨ ᠤ ᠬᠤᠲᠠ ᠳᠤ ᠡᠬᠢᠯᠡᠪᠡ᠃ ᠲᠥᠷᠥᠯ ᠵᠦᠢᠯ ᠢ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠲᠥᠷᠥᠯ ᠵᠦᠢᠯ ᠤᠨ ᠰᠡᠳᠦᠪ ᠲᠣᠭᠲᠠᠭᠠᠬᠤ ᠳᠡᠮᠵᠢᠯᠭᠡ ᠶᠢ ᠭᠥᠷᠳᠡᠬᠦ ᠶᠢᠨ ᠬᠠᠮᠲᠤ 922 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠣᠯᠣᠭᠰᠠᠨ ᠪᠠᠶᠢᠨ᠎ᠠ᠃      ᠲᠥᠷᠥᠯ ᠵᠦᠢᠯ ᠢ ᠬᠡᠷᠡᠭᠵᠢᠭᠦᠯᠬᠦ ᠬᠤᠭᠤᠴᠠᠭ᠎ᠠ ᠨᠢ 3 ᠵᠢᠯ᠂ ᠳᠣᠤᠷ᠎ᠠ ᠪᠠᠨ 5 ᠲᠤᠰᠬᠠᠢ ᠰᠡᠳᠦᠪ ᠲᠠᠢ᠂ ᠶᠡᠷᠦᠩᠬᠡᠶ ᠪᠠᠯᠠ ᠣᠷᠣᠭᠤᠯᠤᠯᠲᠠ ᠨᠢ 7190 ᠲᠦᠮᠡᠨ ᠲᠥᠭᠦᠷᠢᠭ ᠪᠣᠯᠤᠨ᠎ᠠ᠃ ᠮᠠᠨ ᠤ ᠬᠤᠲᠠ ᠶᠢᠨ ᠬᠢᠨ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠪᠡᠭᠡᠵᠢᠩ ᠬᠤᠲᠠ ᠶᠢᠨ ᠨᠡᠭᠦᠷᠡᠰᠦᠨ ᠬᠡᠶ ᠶᠢᠨ ᠢᠯᠴᠢ ᠶᠢᠨ ᠬᠦᠴᠦᠨ ᠤ ᠢᠨᠵᠧᠨᠧᠷᠢᠩ ᠤᠨ ᠵᠢᠷᠤᠭ ᠲᠥᠯᠥᠪᠯᠡᠭᠡᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ᠂ ᠪᠡᠭᠡᠵᠢᠩ ᠤᠨ ᠪᠠᠷᠢᠯᠭ᠎ᠠ ᠶᠢᠨ ᠶᠡᠭᠡ ᠰᠤᠷᠭᠠᠭᠤᠯᠢ ᠵᠡᠷᠭᠡ 9 ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠢᠴᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠲᠠᠢ ᠬᠠᠮᠲᠤᠷᠠᠨ ᠬᠡᠷᠡᠭᠵᠢᠭᠦᠯᠵᠤ ᠠᠬᠢᠭᠤᠯᠬᠤ ᠪᠤᠯᠤᠨ᠎ᠠ᠃      ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠮᠠᠨ ᠤ ᠬᠤᠲᠠ ᠶᠢᠨ ᠳᠤᠮᠳᠠ ᠳᠣᠣᠷ᠎ᠠ ᠳᠠᠷᠤᠯᠲᠠᠲᠤ ᠴᠡᠪᠡᠷ ᠤᠰᠤᠲᠥ᠋ᠷᠥᠭᠴᠢ ᠪᠣᠯᠤᠨ ᠤᠰᠤᠲᠥ᠋ᠷᠥᠭᠴᠢ ᠬᠤᠯᠢᠬᠤ ᠬᠤᠭᠤᠯᠠᠶ ᠶᠢᠨ ᠵᠢᠷᠤᠭ ᠲᠥᠯᠥᠪᠯᠡᠭᠡ᠂ ᠪᠦᠲᠦᠭᠡᠨ ᠪᠠᠶᠢᠭᠤᠯᠤᠯᠲᠠ᠂ ᠲᠡᠭᠡᠭᠡᠪᠦᠷᠢ ᠬᠠᠮᠠᠭᠠᠯᠠᠯᠲᠠ ᠵᠡᠷᠭᠡ ᠲᠠᠯ᠎ᠠ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠣᠯᠤᠨ᠎ᠠ᠃ ᠮᠠᠨ ᠤ ᠬᠤᠲᠠ ᠶᠢᠨ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭᠴᠢᠲᠤ ᠬᠡᠯᠪᠡᠷᠢ ᠶᠢ ᠪᠥᠬᠦ ᠲᠠᠯ᠎ᠠ ᠪᠠᠷ ᠬᠤᠪᠢᠷᠠᠭᠤᠯᠬᠤ᠂ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠷᠭᠡᠳᠬᠡᠬᠦ᠂ ᠮᠠᠨ ᠤ ᠬᠤᠲᠠ ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ ᠤ ︽ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠳᠤ ᠴᠤ ᠲᠦᠢᠯ ᠤᠨ ᠴᠢᠬᠤᠯᠠ ᠪᠣᠳᠠᠲᠤ ᠠᠴᠢ ᠬᠤᠯᠪᠣᠭᠳᠠᠯ ᠲᠠᠢ ᠪᠥᠭᠡᠳ ᠬᠤᠯᠪᠣᠭᠳᠠᠯ ᠪᠥᠬᠦᠶ ᠬᠦᠷᠢᠶᠡᠨ ᠳᠠᠬᠢ ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠢᠨ ᠬᠤᠭᠤᠰᠣᠨ ᠢ ᠨᠥᠬᠦᠪᠥᠷᠢᠯᠡᠨ ᠲᠡᠭᠦᠯᠳᠡᠷᠵᠢᠭᠦᠯᠵᠦ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号