ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ 2022 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠳᠠᠯᠠᠬᠤ ᠲᠤᠬᠠᠢ ᠮᠡᠳᠡᠭᠳᠡᠯ ᠨᠡᠶᠢᠲᠡᠯᠡᠪᠡ
ᠨᠡᠶᠢᠲᠡᠯᠡᠭᠰᠡᠨ ᠴᠠᠭ᠄
2021/12/30
     2022 ᠣᠨ ᠤ ᠰᠢᠨ᠎ᠡ ᠵᠢᠯ᠂ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠲᠥᠪ ᠤᠨ ᠨᠠᠢᠮᠠᠨ ᠵᠦᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾᠎ ᠢ ᠴᠥᠬᠦᠷᠡᠰᠢ ᠥᠬᠡᠶ ᠵᠠᠯᠠᠷᠠᠭᠤᠯᠤᠨ ᠵᠠᠰᠠᠵᠤ᠂ ᠲᠥᠪ ᠴᠢᠬᠡᠴᠢ ᠬᠡᠪ ᠰᠤᠷᠲᠠᠯ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠳᠠᠯᠠᠬᠤ ᠬᠡᠷᠡᠭᠳᠡᠢ      ᠪᠠᠶᠠᠷ ᠤᠨ ᠡᠳᠦᠷ ᠤᠨ ᠬᠤᠭᠤᠴᠠᠭᠠᠨ ᠳᠤ᠂ ᠪᠦᠬᠦ ᠬᠤᠲᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠪᠣᠯᠤᠨ ᠠᠯᠪᠠᠨ ᠲᠤᠰᠢᠶᠠᠯᠲᠠᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ ᠳᠡᠭᠡᠳᠦ ᠬᠡᠮᠵᠢᠶᠡᠨ ᠤ ᠰᠡᠷᠡᠮᠵᠢ ᠲᠠᠢ ᠪᠠᠶᠢᠵᠤ᠂ ᠶᠣᠰᠣ ᠰᠤᠷᠲᠠᠬᠤᠨ ᠤ ᠥᠨᠳᠥᠷ ᠱᠤᠭᠤᠮ ᠪᠣᠯᠤᠨ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠲᠥᠪ ᠤᠨ ᠨᠠᠢᠮᠠᠨ ᠵᠦᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ᠂ ᠲᠣᠭᠲᠠᠭᠠᠯ ᠠᠴᠠ ᠵᠥᠷᠢᠴᠡᠨ ᠪᠡᠯᠡᠭ ᠰᠡᠯᠲᠡ ᠪᠡᠯᠡᠭ ᠤᠨ ᠮᠥᠩᠭᠦ ᠭᠥᠯᠢᠶᠡᠨ ᠠᠪᠬᠤ᠂ ᠲᠣᠭᠲᠠᠭᠠᠯ ᠠᠴᠠ ᠵᠥᠷᠢᠴᠡᠨ ᠠᠯᠪᠠᠨ ᠤ ᠲᠡᠷᠭᠡ ᠬᠡᠷᠡᠭᠯᠡᠬᠦ᠂ ᠠᠯᠪᠠᠨ ᠤ ᠵᠣᠭᠤᠰ ᠢᠶᠠᠷ ᠵᠢᠭᠤᠯᠴᠢᠯᠠᠬᠤ᠂ ᠲᠣᠭᠲᠠᠭᠠᠯ ᠠᠴᠠ ᠵᠥᠷᠢᠴᠡᠨ ᠨᠡᠮᠡᠭᠦᠷᠢ ᠨᠥᠬᠦᠪᠥᠷᠢ ᠪᠤᠶᠤ ᠠᠰᠠᠷᠠᠮᠵᠢ ᠣᠯᠭᠤᠬᠤ᠂ ᠬᠠᠮᠢᠶᠠᠷᠤᠯᠲᠠ ᠶᠢᠨ ᠦᠢᠯᠡᠴᠢᠯᠡᠭᠡᠨ ᠤ ᠡᠲᠡᠭᠡᠳ ᠤᠨ ᠳᠠᠶᠢᠯᠠᠯᠭ᠎ᠠ ᠶᠢ ᠲᠣᠭᠲᠠᠭᠠᠯ ᠠᠴᠠ ᠵᠥᠷᠢᠴᠡᠨ ᠭᠥᠯᠢᠶᠡᠨ ᠠᠪᠬᠤ ᠪᠤᠶᠤ ᠵᠢᠭᠤᠯᠴᠢᠯᠠᠯ ᠪᠡᠶ᠎ᠡ ᠴᠢᠭᠢᠷᠠᠭᠵᠢᠭᠤᠯᠤᠯᠲᠠ ᠵᠤᠭ᠎ᠠ ᠴᠡᠩᠭᠡᠯ ᠵᠡᠷᠭᠡ ᠠᠵᠢᠯᠯᠠᠭ᠎ᠠ ᠶᠢᠨ ᠲᠣᠬᠢᠷᠠᠭᠤᠯᠤᠯᠲᠠ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠲᠣᠭᠲᠠᠭᠠᠯ ᠠᠴᠠ ᠵᠥᠷᠢᠴᠡᠬᠦ ᠵᠡᠷᠭᠡ ᠦᠢᠯᠡ ᠠᠵᠢᠯᠯᠠᠭ᠎ᠠ ᠶᠢ ᠡᠷᠡᠰ ᠡᠰᠡᠷᠭᠦᠴᠡᠨ ᠬᠤᠷᠢᠭᠯᠠᠵᠤ᠂ ᠮᠠᠭᠤ ᠰᠤᠷᠲᠠᠯ ᠢ ᠲᠦᠷᠦᠭᠦᠯᠡᠨ ᠡᠰᠡᠷᠭᠦᠴᠡᠨ ᠬᠤᠷᠢᠭᠯᠠᠵᠤ᠂ ᠲᠥᠪ ᠴᠢᠬᠡᠴᠢ ᠰᠤᠷᠲᠠᠯ ᠢ ᠪᠠᠳᠠᠷᠠᠭᠤᠯᠬᠤ ᠬᠡᠷᠡᠭᠲᠡᠶ᠃     ᠬᠤᠶᠠᠷ᠂ ᠳᠡᠭᠡᠳᠦ ᠱᠠᠳᠤ ᠨᠢ ᠳᠤᠤᠷᠠᠳᠤ ᠱᠠᠳᠤ ᠪᠠᠨ ᠳᠠᠭᠠᠭᠤᠯᠬᠤ ᠶᠢ ᠪᠠᠷᠢᠮᠲᠠᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠳᠡᠢ     ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠤᠳᠤᠷᠢᠳᠬᠤ ᠺᠠᠳ᠋ᠷ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ︽ᠬᠤᠶᠠᠷ ᠢ ᠲᠣᠭᠲᠠᠭᠠᠬᠤ︾᠎ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠪᠠᠶᠠᠷ ᠤᠨ ᠡᠳᠦᠷ ᠠᠴᠠ ᠡᠮᠦᠨᠡᠬᠢ ᠬᠥᠮᠦᠵᠢᠯ᠂ ᠬᠠᠮᠲᠤ ᠪᠠᠷ ᠶᠠᠷᠢᠯᠴᠠᠬᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠳᠦᠷᠢᠮᠵᠢᠭᠦᠯᠬᠦ᠂ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠦᠴᠢᠷᠳᠡᠯᠲᠡᠶ ᠣᠯᠠᠨ ᠲᠦᠮᠡᠨ ᠢ ᠬᠠᠯᠠᠮᠵᠢᠯᠠᠨ ᠬᠠᠶᠢᠷᠠᠯᠠᠬᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ᠂ ᠣᠯᠠᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ᠂ ᠠᠶᠤᠯᠭᠦᠶ ᠦᠢᠯᠡᠳᠪᠦᠷᠢᠯᠡᠯ ᠢ ᠰᠠᠶᠢᠲᠤᠷ ᠠᠳᠬᠤᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠪᠠᠷ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠵᠠᠷᠯᠢᠭ ᠤᠨ ᠰᠠᠭᠠᠳ ᠥᠬᠡᠶ ᠶᠠᠪᠤᠭᠳᠠᠬᠤ᠂ ᠠᠯᠬᠤᠮ ᠨᠢᠭᠡᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃       ᠭᠤᠷᠪᠠ᠂ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠤᠨᠢᠨ ᠳᠡᠭᠡᠷ᠎ᠡ ᠨᠢ ᠰᠠᠬᠢᠯᠭ᠎ᠠ ᠪᠠᠲᠤ ᠶᠢ ᠬᠡᠷᠡᠭᠵᠢᠭᠦᠯᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ ᠪᠦᠬᠦ ᠬᠤᠲᠠ ᠶᠢᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠪᠠᠶᠠᠷ ᠤᠨ ᠡᠳᠦᠷ ᠤᠨ ᠬᠤᠭᠤᠴᠠᠭᠠᠨ ᠳᠤ ᠵᠢᠷᠭᠠᠨ ᠴᠡᠩᠭᠡᠬᠦ ᠪᠠ ᠱᠠᠯᠢᠨ ᠪᠦᠷᠢᠯᠭᠡᠬᠦ ᠵᠢᠴᠢ ᠡᠯ᠎ᠡ ᠵᠦᠢᠯ ᠤᠨ ᠨᠢᠭᠤᠴᠠᠭᠠᠶ ᠣᠨᠳᠣᠣᠰᠢᠯ ᠤᠨ ᠠᠵᠢᠯᠯᠠᠭ᠎ᠠ ᠶᠢ ᠴᠢᠩᠭ᠎ᠠ ᠠᠩᠬᠠᠷᠴᠤ᠂ ᠵᠢᠯ ᠤᠨ ᠡᠴᠦᠰ ᠵᠢᠯ ᠤᠨ ᠡᠬᠢᠨ ᠳᠤ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠵᠦ ᠪᠠᠶᠢᠭ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠴᠢᠩᠭ᠎ᠠ ᠠᠩᠬᠠᠷᠴᠤ᠂ ᠪᠠᠶᠠᠷ ᠤᠨ ᠡᠳᠦᠷ ᠤᠨ ᠵᠠᠪᠰᠢᠶᠠᠨ ᠢ ᠠᠰᠢᠭᠯᠠᠨ ᠰᠣᠩᠭᠤᠭᠤᠯᠢ ᠶᠢᠨ ᠫᠢᠶᠣᠣ ᠲᠠᠲᠠᠵᠤ ᠬᠠᠭ᠋ᠤᠤᠯᠢᠳᠤ ᠰᠣᠩᠭᠤᠭᠤᠯᠢ ᠬᠢᠬᠦ᠂ ᠨᠠᠶᠢᠷ ᠲᠠᠯ᠎ᠠ ᠬᠡᠯᠡᠵᠦ ᠤᠷᠢᠳᠴᠢᠯᠠᠨ ᠮᠡᠳᠡᠭᠳᠡᠬᠦ᠂ ᠰᠣᠩᠭᠤᠭᠤᠯᠢ ᠶᠢ ᠡᠪᠳᠡᠬᠦ ᠵᠡᠷᠭᠡ ᠠᠰᠠᠭᠤᠳᠠᠯ ᠢ ᠴᠢᠩᠭ᠎ᠠ ᠠᠩᠬᠠᠷᠴᠤ᠂ ᠠᠵᠢᠯ ᠬᠢᠬᠦ ᠦᠭᠡᠢ᠂ ᠳᠤᠷ᠎ᠠ ᠪᠠᠷ ᠢᠶᠠᠨ ᠦᠢᠯᠡᠳᠬᠦ ᠵᠡᠷᠭᠡ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠢᠯᠵᠠᠷᠠᠯ ᠪᠠ ᠲᠥᠪ ᠪᠤᠰᠤ ᠰᠤᠷᠲᠠᠯ ᠢ ᠦᠯᠦ ᠬᠠᠶᠢᠬᠤᠷᠬᠤ ᠠᠰᠠᠭᠤᠳᠠᠯ ᠢ ᠴᠢᠩᠭ᠎ᠠ ᠠᠩᠬᠠᠷᠴᠤ᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠨᠢᠭᠡ ᠶᠢ ᠬᠠᠷᠢᠭᠤᠴᠠᠯᠭ᠎ᠠ ᠨᠡᠬᠡᠮᠵᠢᠯᠡᠵᠦ᠂ ᠶᠠᠭᠠᠬᠢᠭᠰᠠᠨ ᠴᠤ ᠢᠯᠳᠠᠷ ᠬᠠᠶᠠᠬᠤ ᠦᠭᠡᠢ ᠪᠠᠶᠢᠬᠤ ᠬᠡᠷᠡᠭᠳᠡᠢ᠃ ᠡᠭᠦᠨ ᠤ ᠵᠡᠷᠭᠡᠪᠡᠷ᠂ ︽ᠭᠤᠷᠪᠠᠨ ᠵᠠᠷᠴᠢᠮ︾᠎ ᠢ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠴᠢᠩᠭ᠎ᠠ ᠬᠥᠮᠦᠵᠢᠭᠦᠯᠬᠦ᠂ ᠴᠢᠩᠭ᠎ᠠ ᠬᠠᠮᠢᠶᠠᠷᠬᠤ᠂ ᠴᠢᠩᠭ᠎ᠠ ᠬᠢᠨᠠᠯᠲᠠ ᠲᠠᠯᠪᠢᠬᠤ᠂ ᠴᠢᠩᠭ᠎ᠠ ᠵᠠᠯᠬᠠᠭᠠᠨ ᠰᠢᠳᠬᠡᠬᠦ ᠶᠢ ᠣᠷᠭᠠᠨᠢᠭ ᠢᠶᠠᠷ ᠤᠶᠠᠯᠳᠤᠭᠤᠯᠵᠤ᠂ ᠪᠠᠶᠢᠴᠠᠭᠠᠨ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠵᠠᠰᠠᠬᠤ ᠶᠢ ᠨᠡᠪᠲᠡᠷᠡᠭᠦᠯᠵᠦ᠂ ᠵᠠᠯᠬᠠᠭᠠᠨ ᠰᠢᠳᠬᠡᠬᠦ᠂ ᠬᠢᠨᠠᠯᠲᠠ ᠲᠠᠯᠪᠢᠬᠤ᠂ ᠰᠤᠷᠭᠠᠨ ᠬᠥᠮᠦᠵᠢᠭᠦᠯᠬᠦ ᠶᠢ ᠠᠭᠤᠰᠤᠯᠴᠠᠭᠤᠯᠵᠤ᠂ ᠨᠢᠭᠡ ᠬᠡᠷᠡᠭ ᠢ ᠪᠠᠶᠢᠴᠠᠭᠠᠨ ᠰᠢᠢᠳᠪᠦᠷᠢᠯᠡᠪᠡᠯ᠂ ᠨᠢᠭᠡ ᠬᠡᠰᠡᠭ ᠲᠤ ᠰᠡᠷᠡᠮᠵᠢᠯᠡᠭᠦᠯᠤᠯ ᠬᠦᠷᠳᠡᠭᠡᠵᠦ᠂ ᠨᠢᠭᠡ ᠬᠦᠷᠢᠶ᠎ᠡ ᠪᠠᠷ ᠵᠠᠰᠠᠭᠰᠠᠨ ᠶᠡᠷᠦᠩᠬᠡᠶᠢᠯᠡᠭᠰᠡᠨ ᠦᠷ᠎ᠡ ᠪᠦᠲᠦᠮᠵᠢ ᠤᠯᠬᠤ ᠬᠡᠷᠡᠭᠲᠡᠢ᠃       ᠢᠯᠡᠴᠢᠯᠡᠨ ᠮᠡᠳᠡᠭᠦᠯᠵᠤ ᠬᠢᠨᠠᠯᠲᠠ ᠲᠠᠯᠪᠢᠬᠤ ᠤᠲᠠᠰᠤ᠄ 0473 — 12388    ᠰᠦᠯᠵᠢᠶ᠎ᠡ ᠪᠠᠷ ᠢᠯᠡᠴᠢᠯᠡᠨ ᠮᠡᠳᠡᠭᠦᠯᠵᠤ ᠬᠢᠨᠠᠯᠲᠠ ᠲᠠᠯᠪᠢᠬᠤ ᠠᠷᠭ᠎ᠠ ᠬᠡᠯᠪᠡᠷᠢ᠄ Http://www. 12388.gov.cn     ᠸᠢᠴᠠᠲ ᠢᠶᠠᠷ ᠢᠯᠡᠴᠢᠯᠡᠨ ᠮᠡᠳᠡᠭᠦᠯᠬᠦ᠄ ︽ᠥᠪᠥᠷ ᠮᠣᠩᠭᠤᠯ ᠤᠨ ᠦᠬᠠᠶ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ︾᠎ ᠤᠨ ᠸᠢᠴᠠᠲ ᠤᠨ ᠲᠠᠪᠴᠠᠩ ᠢ ᠠᠩᠬᠠᠷᠣᠯ ᠳᠠᠭᠠᠨ ᠠᠪᠴᠦ ᠢᠯᠡᠴᠢᠯᠡᠨ ᠮᠡᠳᠡᠭᠦᠯᠦᠨ᠎ᠡ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号