ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ 2021 ᠣᠨ ᠤ ᠳᠥᠷᠪᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ ᠰᠦᠩ ᠬᠠᠯᠢᠶ᠎ᠠ ᠶᠢ ᠰᠡᠷᠭᠡᠶᠢᠯᠡᠬᠦ ᠪᠠ ᠤᠢ ᠰᠢᠭᠤᠢ ᠨᠤᠲᠤᠭ ᠪᠡᠯᠴᠢᠭᠡᠷ ᠢ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/30
     12 ᠰᠠᠷ᠎ᠠ ᠶᠢᠨ 28᠎ ᠤ ᠡᠳᠦᠷ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ 2021 ᠣᠨ ᠤ ᠳᠥᠷᠪᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ ᠰᠦᠩ ᠬᠠᠯᠢᠶ᠎ᠠ ᠶᠢ ᠰᠡᠷᠭᠡᠶᠢᠯᠡᠬᠦ ᠪᠠ ᠤᠢ ᠰᠢᠭᠤᠢ ᠨᠤᠲᠤᠭ ᠪᠡᠯᠴᠢᠭᠡᠷ ᠢ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ᠂ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠵᠢᠶᠠ ᠴᠢᠩ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ ᠬᠤ᠋ ᠱᠠᠨ ᠱᠦᠨ᠂ ᠬᠤᠳᠠ ᠶᠢᠨ ᠳᠡᠳ᠋ ᠳᠠᠷᠤᠭ᠎ᠠ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ ᠴᠢᠶᠣᠤ ᠢᠦᠢ᠂ ᠭᠦᠸᠧ ᠢ ᠵᠢᠶᠧ᠂ ᠸᠠᠩ ᠵᠢᠢ ᠫᠢᠩ᠂ ᠵᠠᠩ ᠮᠢᠩ ᠮᠢᠩ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ᠂ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠬᠤᠲᠠ ᠶᠢᠨ ᠡᠨᠧᠷᠭᠢ ᠶᠢᠨ ᠲᠣᠪᠴᠢᠶ᠎ᠠ ᠡᠨᠡ ᠵᠢᠯ ᠠᠴᠠ ᠨᠠᠰᠢᠬᠢ ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ᠂ ᠰᠥᠩ ᠬᠠᠯᠢᠶ᠎ᠠ ᠶᠢ ᠰᠡᠷᠭᠡᠶᠢᠯᠡᠬᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠭᠠᠯ ᠤᠨᠲᠠᠷᠠᠭᠠᠬᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ ᠤ ᠠᠵᠢᠯ ᠤᠨ ᠪᠠᠶᠢᠳᠠᠯ ᠢᠶᠠᠨ ᠵᠠᠷᠯᠠᠨ ᠮᠡᠳᠡᠭᠳᠡᠭᠰᠡᠨ ᠪᠥᠭᠡᠳ ᠠᠵᠢᠯ ᠤᠨ ᠱᠠᠭᠠᠷᠳᠠᠯᠭ᠎ᠠ ᠪᠠ ᠰᠠᠨᠠᠯ ᠰᠠᠨᠠᠭᠤᠯᠭ᠎ᠠ ᠳᠤᠷᠠᠳᠴᠤ᠂ ᠬᠤᠷᠠᠯ ᠳᠤ ᠣᠷᠣᠯᠴᠠᠭᠰᠠᠳ ᠠᠶᠤᠯᠭᠦᠶ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠢ ᠡᠷᠡᠰ ᠰᠠᠶᠢᠲᠤᠷ ᠠᠳᠬᠤᠬᠤ ᠪᠠ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠬᠦᠨᠳᠦ ᠬᠡᠴᠡᠭᠦᠦ ᠴᠢᠨᠠᠷ᠂ ᠨᠠᠷᠢᠨ ᠪᠤᠳᠤᠯᠢᠶᠠᠨᠲᠤ ᠴᠢᠨᠠᠷ ᠪᠣᠯᠤᠨ ᠲᠦᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ︽ᠬᠥᠭᠵᠢᠭᠦᠯᠬᠦ ᠪᠣᠯ ᠲᠡᠷᠢᠭᠦᠨ ᠴᠢᠬᠤᠯᠠ ᠡᠭᠦᠷᠭᠡ᠂ ᠲᠣᠭᠲᠠᠭᠤᠨ ᠪᠠᠶᠢᠯᠭᠠᠬᠤ ᠪᠣᠯ ᠲᠡᠷᠢᠭᠦᠨ ᠬᠠᠷᠢᠭᠤᠴᠠᠯᠭ᠎ᠠ ᠮᠥᠨ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ︔ ᠭᠤᠣᠯᠳᠠᠯᠭ᠎ᠠ ᠪᠠᠨ ᠳᠤᠪᠤᠶᠢᠯᠭᠠᠵᠤ᠂ ᠵᠠᠩᠭᠢᠯᠠᠭ᠎ᠠ ᠶᠢ ᠡᠵᠡᠮᠳᠡᠵᠦ᠂ ᠠᠶᠤᠯᠭᠦᠢ ᠦᠢᠯᠡᠳᠪᠦᠷᠢᠯᠡᠯ ᠢ ᠲᠡᠷᠢᠭᠦᠨ ᠴᠢᠬᠤᠯᠠ ᠶᠠᠪᠤᠳᠠᠯ ᠪᠣᠯᠭᠠᠨ ᠪᠠᠶᠢᠷᠢᠯᠠᠭᠤᠯᠵᠤ᠂ ᠨᠠᠶᠢᠳᠠᠪᠤᠷᠢᠵᠢᠭᠤᠯᠵᠤ᠂ ᠰᠠᠨᠠᠭᠠᠰᠢᠷᠠᠨ ᠵᠣᠪᠠᠨᠢᠬᠤ ᠤᠬᠠᠮᠰᠠᠷ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠡᠷᠡᠭᠲᠡᠢ︔ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠲᠣᠳᠣᠷᠬᠠᠢ᠂ ᠠᠵᠢᠯᠯᠠᠭ᠎ᠠ ᠢᠯᠭᠤᠮ ᠰᠢᠯᠤᠭᠤᠨ᠂ ᠪᠦᠬᠦᠨ ᠢ ᠪᠦᠷᠬᠦᠭᠰᠡᠨ᠂ ᠣᠷᠬᠢᠭᠳᠠᠭᠤᠯᠤᠯ ᠦᠭᠡᠢ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ︔ ᠠᠷᠠᠳ ᠲᠦᠮᠡᠨ ᠢ ᠳᠡᠭᠡᠳᠦᠯᠡᠬᠦ ᠣᠨᠣᠯᠵᠢᠬᠤᠨ ᠢ ᠪᠠᠷᠢᠮᠲᠠᠯᠠᠨ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠴᠢᠬᠤᠯᠠᠴᠢᠯᠠᠵᠤ᠂ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢᠶᠠᠨ ᠲᠣᠬᠢᠲᠠᠶ ᠰᠠᠶᠢᠲᠤᠷ ᠬᠢᠵᠦ᠂ ᠡᠯ᠎ᠡ ᠲᠥᠷᠥᠯ ᠤᠨ ᠭᠡᠨᠡᠳᠲᠡ ᠶᠢᠨ ᠪᠠᠶᠢᠳᠠᠯ ᠢ ᠴᠠᠭ ᠲᠤᠬᠠᠶ ᠳᠤᠨᠢ ᠬᠦᠴᠦᠲᠡᠶ ᠪᠥᠭᠡᠳ ᠡᠮᠬᠢ ᠵᠢᠷᠤᠮ ᠲᠠᠢ ᠪᠠᠷ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号