ᠬᠠᠶᠢᠷᠤᠪ ᠤᠨ ᠪᠤᠯᠤᠩ ᠵᠠᠮ ᠤᠨ ᠭᠠᠳᠠᠷᠭᠤ ᠶᠢ ᠱᠠᠯᠠᠪᠳᠠᠨ ᠵᠠᠰᠠᠵᠤ ᠪᠠᠶᠢᠨ᠎ᠠ
ᠨᠡᠶᠢᠲᠡᠯᠡᠭᠰᠡᠨ ᠴᠠᠭ᠄
2021/12/6
     ᠣᠶᠢᠷ᠎ᠠ ᠳᠤ᠂ ᠥᠷᠭᠡᠨ ᠣᠯᠠᠨ ᠬᠤᠲᠠ ᠶᠢᠨ ᠠᠷᠠᠳ ᠨᠠᠶᠢᠵᠠ ᠨᠠᠷ ᠤᠨ ᠲᠦᠢᠯ ᠢᠶᠠᠷ ᠠᠩᠬᠠᠷᠴᠤ ᠪᠠᠶᠢᠭ᠎ᠠ ᠰᠢᠲᠠᠮᠠᠬᠠᠶ ᠬᠡᠶ ᠶᠢᠨ ᠬᠤᠭᠤᠯᠠᠶ ᠶᠢᠨ ᠲᠣᠣᠷ ᠢ ᠥᠭᠡᠷᠡᠴᠢᠯᠡᠭᠰᠡᠨ ᠤ ᠳᠠᠷᠠᠭ᠎ᠠ ᠵᠠᠮ ᠤᠨ ᠭᠠᠳᠠᠷᠭᠤ ᠶᠢ ᠰᠡᠷᠭᠦᠭᠡᠭᠰᠡᠨ ᠪᠠᠶᠢᠳᠠᠯ ᠣᠶᠢᠯᠠᠭᠠᠭᠰᠠᠨ ᠢᠶᠠᠷ᠂ ᠦᠬᠠᠶ ᠬᠤᠲᠠ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠲᠣᠤᠷ ᠢ ᠥᠭᠡᠷᠡᠴᠢᠯᠡᠭᠰᠡᠨ ᠤ ᠳᠠᠷᠠᠭ᠎ᠠ᠂ ᠲᠤᠬᠠᠶ ᠶᠢᠨ ᠲᠠᠯᠠᠪᠤᠷ ᠤᠨ ᠪᠠᠷᠢᠯᠭ᠎ᠠ ᠶᠢᠨ ᠠᠵᠢᠯᠲᠠᠳ ᠲᠠᠷᠠᠭᠠᠴᠢ ᠶᠢᠨ ᠠᠯᠬᠤᠮ ᠳᠤ ᠵᠠᠮ ᠤᠨ ᠭᠠᠳᠠᠷᠭᠤ ᠶᠢ ᠰᠡᠷᠭᠦᠭᠡᠵᠦ᠂ ᠠᠷᠠᠳ ᠤᠨ ᠵᠠᠮ ᠢ ᠪᠤᠴᠠᠭᠠᠬᠤ ᠶᠢᠨ ᠬᠠᠮᠲᠤ ᠪᠠᠰᠠ ᠣᠷᠴᠢᠨ ᠠᠬᠤᠶ ᠶᠢᠨ ᠬᠠᠮᠠᠭᠠᠯᠠᠯᠲᠠ ᠶᠢ ᠠᠩᠬᠠᠷᠴᠤ᠂ ᠡᠪᠦᠯ ᠤᠨ ᠤᠯᠠᠷᠢᠯ ᠳᠤ ᠠᠭᠤᠷ ᠠᠮᠢᠰᠬᠤᠯ ᠭᠠᠩ ᠬᠠᠭᠤᠷᠠᠶ ᠪᠠᠶᠢᠳᠠᠭ ᠪᠣᠯᠬᠤᠷ ᠠᠵᠢᠯᠲᠠᠳ ᠠᠵᠢᠯ ᠬᠢᠭᠰᠡᠨ ᠤ ᠪᠠᠨ ᠳᠠᠷᠠᠭ᠎ᠠ ᠵᠠᠮ ᠤᠨ ᠭᠠᠳᠠᠷᠭᠤ ᠶᠢ ᠴᠠᠭ ᠲᠤᠬᠠᠶ ᠳᠤᠨᠢ ᠴᠡᠪᠡᠷᠯᠡᠵᠦ᠂ ᠡᠯ᠎ᠡ ᠵᠠᠮ ᠤᠨ ᠠᠭᠤᠯᠵᠠᠷ ᠲᠤ ᠤᠰᠤ ᠰᠦᠷᠴᠢᠬᠦ ᠠᠷᠭ᠎ᠠ ᠪᠠᠷ ᠲᠣᠭᠤᠰᠣ ᠰᠢᠷᠣᠶ ᠰᠦᠷᠴᠢᠬᠦ ᠠᠴᠠ ᠵᠠᠶᠢᠯᠠᠰᠬᠢᠵᠦ᠂ ᠵᠠᠮ ᠤᠨ ᠭᠠᠳᠠᠷᠭᠤ ᠶᠢ ᠰᠡᠷᠭᠦᠭᠡᠭᠰᠡᠨ ᠤ ᠳᠠᠷᠠᠭᠠᠬᠢ ᠵᠠᠮ ᠬᠠᠷᠢᠯᠴᠠᠭᠠᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ᠃
   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号