ᠰᠦᠨ ᠬᠤᠤ᠄ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠠᠶᠢᠷᠤᠪ ᠤᠨ ᠲᠤᠬᠤᠢ ᠲᠣᠭᠤᠷᠢᠭ ᠲᠤ ᠦᠨᠳᠦᠰᠦᠯᠡᠭᠦᠯᠵᠦ᠂ ᠴᠡᠴᠡᠭᠯᠡᠭᠦᠯᠦᠨ ᠵᠢᠮᠢᠰᠯᠡᠭᠦᠯᠦᠨ᠎ᠡ
ᠨᠡᠶᠢᠲᠡᠯᠡᠭᠰᠡᠨ ᠴᠠᠭ᠄
2021/12/7
     12 ᠰᠠᠷ᠎ᠠ ᠶᠢᠨ 6᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠵᠤ᠂ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠪᠠᠶᠢᠷᠢᠯᠠᠭᠤᠯᠤᠯᠲᠠ ᠬᠢᠵᠡᠢ᠃ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠰᠦᠨ ᠬᠤᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠵᠡᠢ᠃
     ᠰᠦᠨ ᠬᠤᠤ ᠬᠤᠷᠠᠯ ᠳᠤ ᠣᠷᠣᠯᠴᠠᠭᠰᠠᠨ ᠪᠦᠬᠦ ᠬᠥᠮᠦᠰ ᠢ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠬᠤ ᠶᠢᠨ ᠬᠠᠮᠲᠤ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠴᠢᠬᠤᠯᠠ ᠶᠠᠷᠢᠶ᠎ᠠ ᠲᠠᠯᠪᠢᠵᠤ᠂ ᠬᠠᠶᠢᠷᠤᠪ ᠤᠨ ᠲᠤᠬᠤᠢ ᠲᠣᠭᠤᠷᠢᠭ ᠤᠨ ᠳᠡᠭᠡᠳᠦ ᠲᠤᠤᠷᠠᠳᠤ ᠱᠠᠳᠤ ᠶᠢ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠦᠷᠭᠡᠨ ᠠᠬᠢᠭᠤᠯᠵᠤ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠠᠶᠢᠷᠤᠪ ᠤᠨ ᠲᠤᠬᠤᠢ ᠲᠣᠭᠤᠷᠢᠭ ᠲᠤ ᠦᠨᠡᠨᠬᠦ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ ᠬᠡᠷᠡᠭᠲᠡᠢ ᠭᠡᠵᠦ ᠱᠠᠭᠠᠷᠳᠠᠪᠠ᠃    ᠰᠦᠨ ᠬᠤᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯᠳᠤᠭᠰᠠᠨ ᠨᠢ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠯᠤᠰ ᠲᠦᠷᠦ ᠶᠢᠨ ᠠᠮᠢᠳᠤᠷᠠᠯ ᠳᠠᠬᠢ ᠨᠢᠭᠡᠨ ᠶᠡᠭᠡ ᠶᠠᠪᠤᠳᠠᠯ ᠪᠣᠯᠤᠨ᠎ᠠ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠣᠯᠤᠨ ᠦᠨᠳᠦᠰᠦᠲᠡᠨ ᠨᠦᠭᠦᠳ ᠤᠨ ᠤᠯᠠᠨ ᠲᠦᠮᠡᠨ ᠳᠡᠭᠡᠳᠦ ᠬᠡᠮᠵᠢᠶ᠎ᠡ  ᠪᠠᠷ ᠠᠩᠬᠠᠷᠴᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠎ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠭᠡ ᠬᠤᠷᠠᠯ ᠤᠨ ᠵᠣᠷᠢᠭ ᠰᠠᠨᠠᠭ᠎ᠠ ᠪᠠ ᠱᠠᠭᠠᠷᠳᠠᠯᠭ᠎ᠠ ᠳᠡᠭᠡᠷ᠎ᠡ ᠨᠢᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠠᠵᠢᠯ ᠤᠨ ᠵᠢᠯᠣᠭᠤᠳᠬᠤ ᠦᠵᠡᠯ ᠰᠠᠨᠠᠭ᠎ᠠ ᠂ ᠵᠠᠷᠴᠢᠮ ᠟  ᠎ ᠤᠨ ᠱᠠᠭᠠᠷᠳᠠᠯᠭ᠎ᠠ ᠪᠣᠯᠤᠨ ᠭᠤᠣᠯ ᠬᠠᠷᠠᠯᠲᠠ ᠶᠢ ᠭᠦᠨᠵᠡᠭᠡᠶ ᠣᠶᠢᠯᠠᠭᠠᠵᠤ᠂ ᠠᠵᠤ ᠠᠬᠤᠶ ᠶᠢᠨ ᠪᠥᠳᠥᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ‌‍ᠤ ᠪᠠᠶᠢᠭᠤᠯᠤᠯᠲᠠ ᠶᠢᠨ ᠴᠢᠬᠤᠯᠠ ᠶᠡᠭᠡ ᠪᠠᠶᠢᠷᠢᠯᠠᠭᠤᠯᠤᠯᠲᠠ ᠶᠢ ᠭᠦᠨᠵᠡᠭᠡᠶ ᠣᠶᠢᠯᠠᠭᠠᠬᠤ ᠬᠡᠷᠡᠭᠲᠡᠶ᠃ ᠬᠠᠶᠢᠷᠤᠪ ᠤᠨ ᠲᠤᠬᠤᠢ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠨᠠᠮ ᠤᠨ ᠪᠠᠶᠢᠭᠤᠯᠤᠯᠲᠠ ᠶᠢᠨ ᠰᠢᠨ᠎ᠡ ᠠᠯᠬᠤᠮ ᠢ ᠠᠯᠬᠤᠵᠤ᠂ ᠰᠢᠨ᠎ᠡ ᠠᠬᠢᠴᠠ ᠲᠠᠢ ᠪᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ  ᠭᠡᠵᠠᠢ᠃    ᠰᠦᠨ ᠬᠤᠤ ᠴᠢᠬᠤᠯᠠᠴᠢᠯᠠᠭᠰᠠᠨ ᠨᠢ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠬᠦᠴᠢᠷ ᠢ ᠲᠤᠭᠤᠯᠤᠨ ᠬᠦᠴᠢᠷ ᠢ ᠳᠠᠪᠠᠵᠤ᠂ ᠪᠦᠯᠬᠦᠮᠳᠡᠨ ᠨᠢᠭᠡᠳᠴᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠥᠴᠦᠬᠡᠨ ᠴᠦ ᠭᠤᠶᠢᠪᠢᠰᠢ ᠦᠭᠡᠢ ᠪᠠᠷᠢᠮᠲᠠᠯᠠᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ ᠂ ᠨᠠᠮ ᠤᠨ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠪᠦᠬᠦ ᠬᠠᠶᠢᠷᠤᠪ ᠤᠨ ᠲᠤᠬᠤᠢ ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠲᠠᠶᠢᠴᠢᠯᠠᠵᠦ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠨᠡᠩ ᠴᠢᠷᠮᠠᠶᠢᠨ ᠠᠬᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢᠨ ᠰᠢᠨ᠎ᠡ ᠰᠢᠯᠭᠠᠯᠲᠠ ᠶᠢᠨ ᠵᠠᠮ ᠢᠶᠠᠷ ᠨᠡᠩ ᠢᠲᠡᠭᠡᠯ ᠲᠡᠭᠦᠯᠳᠡᠷ ᠢᠶᠠᠷ ᠰᠠᠶᠢᠲᠤᠷ ᠵᠠᠮᠨᠠᠨ᠎ᠠ ᠭᠡᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号