ᠬᠤᠳᠠ ᠶᠢᠨ ᠤᠳᠤᠷᠢᠳᠤᠯᠭ᠎ᠠ ᠬᠠᠶᠢᠷᠤᠪ ᠤᠨ ᠲᠤᠬᠤᠢ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/12/7
     ᠤᠢᠢᠷ᠎ᠠ ᠳᠤ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢ᠊ ᠡᠶ᠎ᠡ ᠶᠢᠨ ᠱᠦᠵᠢ᠂ ᠬᠤᠳᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠼᠦᠢ ᠵᠢᠩ ᠶᠢᠩ ᠬᠠᠶᠢᠷᠤᠪ ᠤᠨ ᠲᠤᠬᠤᠢ ᠲᠣᠭᠤᠷᠢᠭ ᠲᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠵᠠᠢ᠃     ᠼᠦᠢ ᠵᠢᠩ ᠶᠢᠩ ᠨᠡᠷ ᠤᠷᠢᠳ ᠬᠤᠵᠢᠳ ᠥᠪᠥᠷ ᠮᠣᠩᠭᠤᠯ ᠤᠨ ᠴᠢᠦ ᠮᠠ ᠵᠢᠶᠦ᠋ᠨ ᠤ ᠰᠢᠨ᠎ᠡ ᠰᠣᠷᠭᠤᠭ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠬᠠᠨᠰᠧᠨ ᠠᠷᠢᠬᠢᠨ ᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠶᠦᠨ ᠹᠸᠢ ᠶᠢᠨ ᠪᠠᠷᠢᠮᠵᠢᠶᠠᠵᠢᠭᠰᠠᠨ ᠲᠥᠬᠦᠭᠡᠷᠦᠮᠵᠢ ᠶᠢᠨ ᠦᠵᠦᠮ ᠲᠠᠷᠢᠬᠤ ᠰᠠᠭᠤᠷᠢᠨ ᠭᠠᠵᠠᠷ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠰᠠᠭᠤᠷᠢᠨ ᠵᠡᠷᠭᠡ ᠭᠠᠵᠠᠷ ᠲᠤ ᠬᠦᠷᠴᠦ᠂ ᠲᠣᠰᠬᠤᠨ ᠤ ᠬᠠᠮᠲᠤ ᠶᠢᠨ ᠠᠵᠤ ᠠᠬᠤᠢ᠂ ᠲᠠᠷᠢᠶᠠᠯᠠᠬᠤ ᠣᠷᠣᠨ ᠤ ᠠᠵᠤ ᠦᠢᠯᠡᠰ ᠤᠨ ᠬᠥᠭᠵᠢᠯᠲᠡ ᠵᠡᠷᠭᠡ ᠬᠤᠯᠪᠣᠭᠳᠠᠯ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠠᠢ᠃ ᠼᠦᠢ ᠵᠢᠩ ᠶᠢᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠨᠢ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠪᠤᠢ᠃ ᠡᠯ᠎ᠡ ᠲᠣᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠳᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠠᠮᠢ ᠠᠬᠤᠢ ᠶᠢᠨ᠂ ᠥᠨᠳᠥᠷ ᠦᠷ᠎ᠡ ᠠᠰᠢᠭ ᠲᠠᠢ᠂ ᠥᠪᠡᠷᠮᠢᠴᠡ ᠣᠨᠴᠠᠯᠢᠭ ᠲᠠᠢ᠂ ᠰᠣᠳᠣᠨ ᠪᠦᠲᠦᠭᠡᠯ︾᠎ ᠤᠨ ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠮᠠᠨ ᠤ ᠬᠤᠳᠠ ᠶᠢᠨ ᠲᠠᠷᠢᠶᠠᠨ ᠭᠠᠵᠠᠷ ᠤᠨ ᠲᠠᠯᠠᠪᠠᠢ ᠪᠠᠭ᠎ᠠ᠂ ᠲᠠᠷᠢᠶᠠᠯᠠᠩ ᠤᠨ ᠪᠠᠭᠲᠠᠭᠠᠮᠵᠢ ᠪᠠᠭ᠎ᠠ ᠣᠨᠴᠠᠯᠢᠭ ᠲᠤ ᠰᠠᠭᠤᠷᠢᠯᠠᠵᠤ᠂ ᠬᠤᠳᠠ ᠶᠢᠨ ᠬᠡᠯᠪᠡᠷᠢ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠰᠣᠳᠣᠨ ᠦᠵᠦᠮ᠂ ᠪᠡᠯᠡᠳᠭᠡᠮᠵᠢᠳᠤ ᠢᠳᠡᠰᠢᠨ ᠨᠣᠭᠤᠭ᠎ᠠ᠂ ᠤᠳᠤ ᠦᠶ᠎ᠡ ᠶᠢᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠪᠠ ᠤᠳᠤ ᠦᠶ᠎ᠡ ᠶᠢᠨ ᠲᠠᠷᠢᠶᠠᠯᠠᠩ ᠤᠨ ᠦᠢᠯᠡᠴᠢᠯᠡᠭᠡ ᠪᠠᠷ ᠲᠤᠯᠭᠠᠭᠤᠷᠢᠯᠠᠯ ᠪᠣᠯᠭᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ᠃ ᠤᠨᠢᠨ ᠳᠡᠭᠡᠷ᠎ᠡ ᠨᠢ ᠬᠦᠴᠦᠯᠡᠬᠦ ᠶᠢ ᠪᠠᠷᠢᠮᠲᠠᠯᠠᠵᠤ᠂ ᠤᠨᠴᠠᠯᠢᠬᠳᠤ ᠡᠬᠢ ᠪᠠᠶᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠴᠢᠩᠭ᠎ᠠ ᠠᠩᠬᠠᠷᠴᠤ᠂ ᠳᠠᠪᠠᠭᠤᠯᠢᠭ ᠠᠵᠤ ᠦᠢᠯᠡᠰ ᠢ ᠦᠷᠭᠦᠯᠵᠢᠯᠡᠨ ᠬᠥᠭᠵᠢᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ︽ᠲᠥᠪ ᠲᠣᠭᠤᠭᠠᠨ ᠬᠡᠷ + ᠢᠳᠡᠭᠡᠨ ᠤ ᠮᠠᠲ᠋ᠧᠷᠢᠶᠠᠯ ᠢ ᠬᠦᠢᠳᠡᠨ ᠢᠶᠠᠷ ᠬᠡᠯᠬᠢᠶᠡᠵᠢᠭᠦᠯᠦᠨ ᠳᠣᠭᠢᠷᠠᠭᠤᠯᠤᠨ ᠬᠦᠷᠭᠡᠬᠦ︾ ᠰᠢᠨ᠎ᠡ ᠡᠵᠡᠩᠨᠡᠯᠲᠡ ᠶᠢᠨ ᠵᠠᠭᠪᠤᠷ ᠢ ᠰᠢᠨ᠎ᠡ ᠪᠠᠷ ᠡᠭᠦᠳᠦᠨ ᠬᠥᠭᠵᠢᠭᠦᠯᠵᠦ᠂ ᠲᠣᠰ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ ᠳᠡᠭᠡᠭᠰᠢᠯᠡᠭᠦᠯᠬᠦ ᠶᠢᠨ ᠬᠠᠮᠲᠤ ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠲᠣᠯᠣᠭᠠᠶᠢᠯᠠᠭᠴᠢ ᠠᠵᠤ ᠠᠬᠤᠶᠢᠯᠠᠯ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠵᠡᠷᠭᠡ ᠬᠤᠯᠪᠣᠯᠳᠤᠭᠰᠠᠨ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠲᠠᠷᠢᠶᠠᠴᠢᠨ ᠡᠷᠦᠭᠡ ᠪᠠ ᠭᠠᠴᠠᠭ᠎ᠠ ᠨᠡᠶᠢᠲᠡ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠤᠯᠠᠮ ᠨᠢᠭᠡ ᠠᠯᠬᠤᠮ ᠳᠠᠶᠢᠴᠢᠯᠠᠬᠤ ᠬᠡᠷᠡᠭᠲᠡᠶ ᠭᠡᠵᠠᠢ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠼᠦᠢ ᠵᠢᠩ ᠶᠢᠩ ᠪᠠᠰᠠ ᠲᠤᠸᠠᠨ ᠵᠢᠶᠧ ᠰᠢᠨ᠎ᠡ ᠲᠣᠰᠬᠤᠨ ᠳᠤ ᠬᠦᠷᠴᠦ ᠶᠠᠳᠠᠭᠤ ᠠᠴᠠ ᠠᠩᠭᠢᠵᠢᠷᠠᠭᠰᠠᠨ ᠡᠷᠦᠬᠡ ᠬᠠᠨ ᠱᠧᠩ ᠬᠠᠢ ᠶᠢ ᠡᠷᠬᠢᠨ ᠦᠵᠡᠵᠦ᠂ ᠲᠡᠭᠦᠨ ᠤ ᠪᠡᠶ᠎ᠡ ᠶᠢᠨ ᠪᠠᠶᠢᠳᠠᠯ᠂ ᠦᠢᠯᠡᠳᠪᠦᠷᠢᠯᠡᠯ ᠠᠮᠢᠳᠤᠷᠠᠯ᠂ ᠭᠡᠷ ᠪᠦᠯᠢ ᠶᠢᠨ ᠣᠷᠣᠯᠭ᠎ᠠ ᠵᠡᠷᠭᠡ ᠪᠠᠶᠢᠳᠠᠯ ᠵᠢᠴᠢ ᠡᠮ ᠡᠮᠨᠡᠯᠭᠡ᠂ ᠣᠷᠣᠨ ᠰᠠᠭᠤᠴᠠ᠂ ᠬᠥᠯᠥᠰᠥᠨ ᠠᠵᠢᠯ ᠬᠢᠬᠦ᠂ ᠦᠷ᠎ᠡ ᠬᠡᠦᠬᠡᠳ ᠤᠨ ᠰᠤᠷᠭᠠᠨ ᠬᠥᠮᠦᠵᠢᠯ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠪᠣᠳᠠᠲᠠᠢ ᠬᠦᠴᠢᠷᠳᠡᠯ ᠢ ᠨᠠᠷᠢᠨ ᠨᠢᠭᠲᠠ ᠯᠠᠪᠯᠠᠨ ᠠᠰᠠᠭᠤᠪᠠ᠃ ᠼᠦᠢ ᠵᠢᠩ ᠶᠢᠩ ᠴᠢᠬᠤᠯᠠᠴᠢᠯᠠᠭᠰᠠᠨ ᠨᠢ᠂ ᠡᠯ᠎ᠡ ᠲᠤᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠬᠤ ᠡᠷᠦᠭᠡ ᠶᠢᠨ ᠦᠷᠭᠦᠯᠵᠢᠯᠡᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠬᠢᠵᠦ᠂ ᠬᠤᠯᠪᠣᠭᠳᠠᠯ ᠪᠦᠬᠦᠢ ᠬᠥᠮᠦᠰ ᠤᠨ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠪᠠᠶᠢᠳᠠᠯ ᠢ ᠨᠢᠭᠲᠠ ᠠᠩᠬᠠᠷᠴᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠪᠠᠶᠢᠳᠠᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ  ᠭᠡᠵᠠᠢ᠃        ᠸᠠᠩ ᠶᠤᠸᠠᠨ ᠳ᠋ᠢ ᠲᠣᠰᠬᠤᠨ ᠳᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠦᠶ᠎ᠡ ᠳᠤ᠂ ᠼᠦᠢ ᠵᠢᠩ ᠶᠢᠩ ᠱᠠᠭᠠᠷᠳᠠᠭᠰᠠᠨ ᠨᠢ᠂ ᠡᠯ᠎ᠡ ᠲᠣᠭᠤᠷᠢᠭ ᠤᠨ ᠬᠢᠨ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠳᠤ ᠣᠷᠣᠰᠢᠵᠤ ᠪᠠᠶᠢᠭ᠎ᠠ ᠠᠰᠠᠭᠤᠳᠠᠯ ᠢ ᠪᠠᠶᠢᠴᠠᠭᠠᠨ  ᠰᠢᠢᠤᠡᠪᠤᠷᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠢᠭᠡ ᠡᠷᠦᠬᠡ ᠶᠢ ᠥᠭᠡᠷᠡᠴᠢᠯᠡᠬᠦ᠂ ᠨᠢᠭᠡ ᠡᠷᠦᠬᠡ ᠶᠢ ᠬᠡᠷᠡᠭᠯᠡᠬᠦ᠂ ᠲᠠᠷᠢᠶᠠᠯᠠᠬᠤ ᠣᠷᠣᠨ ᠎ ᠤ ᠰᠠᠭᠤᠭᠠᠯᠢ ᠠᠷᠠᠳ ᠲᠤ ᠵᠣᠷᠯᠣᠩ ᠤᠨ ᠥᠭᠡᠷᠡᠴᠢᠯᠡᠯᠲᠡ ᠶᠢᠨ ᠪᠣᠳᠠᠲᠠᠶ ᠠᠰᠢᠭ ᠲᠤᠰᠠ ᠶᠢ ᠦᠨᠡᠨ ᠬᠦ ᠬᠦᠷᠲᠡᠭᠡᠬᠦ ᠬᠡᠷᠡᠭᠲᠡᠶ ᠭᠡᠵᠠᠢ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号