12 ᠰᠠᠷ᠎ᠠ ᠶᠢᠨ 1 ᠤ ᠡᠳᠦᠷ᠂ ᠬᠠᠶᠢᠷᠤᠪ ᠤᠨ ᠲᠤᠬᠤᠢ ᠶᠢᠨ ᠲᠣᠭᠤᠷᠢᠭ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠵᠢᠴᠢ ︽ᠮᠦᠩᠭᠡ ᠰᠤᠪᠠᠭ᠂ ᠲᠦᠷᠪᠡ ᠶᠢ ᠭᠦᠢᠴᠡᠤᠡᠭᠡᠬᠦ︾ ᠠᠵᠢᠯ ᠢ ᠠᠬᠢᠭᠤᠯᠬᠤ | ᠬᠤᠷᠠᠯ ᠬᠤᠷᠠᠯᠳᠤᠭᠤᠯᠵᠤ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠳ᠋ᠦᠸᠧ ᠬᠤᠷᠠᠯ ᠢ | ᠡᠷᠬᠢᠯᠡᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ | ᠳᠠᠷᠤᠭ᠎ᠠ ᠼᠦᠢ ᠬᠤᠩ ᠪᠥᠸᠧ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠵᠣᠬᠢᠴᠠᠭᠤᠯᠬᠤ ᠳᠤᠭᠤᠶᠢᠯᠠᠩ ᠤᠨ ᠡᠯ᠎ᠡ ᠪᠦᠷᠢᠯᠳᠦᠬᠦᠨ | ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ | | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ︽ᠮᠦᠩᠭᠡ ᠰᠤᠪᠠᠭ · ᠲᠦᠷᠪᠡ ᠶᠢ ᠭᠦᠢᠴᠡᠤᠡᠭᠡᠬᠦ︾ | ᠠᠵᠢᠯ ᠢ ᠳᠥᠯᠭᠢᠨ ᠠᠬᠢᠭᠤᠯᠤᠭᠰᠠᠨ ᠪᠠᠶᠢᠳᠠᠯ ᠤᠨ ᠲᠤᠬᠠᠶ ᠮᠡᠳᠡᠭᠡᠯᠡᠯ ᠢ ᠤᠯᠠᠮᠵᠢᠯᠠᠵᠤ᠂ ︽ᠲᠠᠯᠪᠢᠬᠤ ᠬᠠᠮᠢᠶᠠᠷᠬᠤ | ᠤᠶᠢᠯᠡᠴᠢᠯᠡᠬᠦ︾ ᠠᠵᠢᠯ ᠵᠢᠴᠢ ︽ᠮᠦᠩᠭᠡ ᠰᠤᠪᠠᠭ · ᠲᠦᠷᠪᠡ ᠶᠢ ᠭᠦᠢᠴᠡᠤᠡᠭᠡᠬᠦ︾ ᠨᠡᠶᠢᠲᠡᠯᠡᠯ ᠤᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠪᠠ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶ ᠲᠣᠭᠲᠠᠭᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠵᠠᠰᠠᠭ ᠤᠨ | ᠶᠠᠪᠤᠳᠠᠯ ᠤᠨ ᠤᠶᠢᠯᠡᠴᠢᠯᠡᠭᠡᠨ ᠤ ᠤᠶᠢᠯᠡᠳᠤᠯ ᠴᠢᠳᠠᠪᠤᠷᠢ ᠶᠢ ᠳᠡᠭᠡᠭᠰᠢᠯᠡᠭᠦᠯᠬᠦ᠂ ᠠᠵᠤ ᠠᠬᠤᠶᠢᠯᠠᠯ ᠳᠤ ᠠᠰᠢᠭᠲᠠᠶ | ᠠᠷᠠᠳ ᠲᠤ ᠲᠥᠬᠦᠮ ᠦᠵᠡᠭᠦᠯᠬᠦ ᠳᠤ ᠦᠵᠡᠭᠦᠯᠬᠦ ︽ᠮᠦᠩᠭᠡ ᠰᠤᠪᠠᠭ︾ ᠤᠨ APP ᠶᠢᠨ ᠴᠢᠬᠤᠯᠠ ᠠᠴᠢ | ᠬᠤᠯᠪᠣᠭᠳᠠᠯ ᠢ ᠭᠦᠢᠴᠡᠤᠡ ᠲᠠᠨᠢᠬᠤ ᠬᠡᠷᠡᠭᠲᠡᠶ᠃ ᠤᠯᠤᠰ ᠲᠥᠷᠥ ᠶᠢᠨ ᠬᠠᠷᠢᠭᠤᠴᠠᠯᠭ᠎ᠠ ᠶᠢ | ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ︽ᠮᠦᠩᠭᠡ ᠰᠤᠪᠠᠭ · ᠲᠦᠷᠪᠡ ᠶᠢ ᠭᠦᠢᠴᠡᠤᠡᠭᠡᠬᠦ︾ ᠤᠨ ᠠᠵᠢᠯ ᠢ | ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠳᠤᠲᠠᠭᠤᠳᠠᠯ ᠪᠠᠭᠤᠷᠠᠶ ᠵᠦᠶ᠋ᠯ ᠳᠤ ᠠᠩᠬᠠᠷᠤᠯ ᠢᠶᠠᠨ | ᠲᠥᠪᠯᠡᠷᠡᠭᠦᠯᠵᠦ᠂ ᠪᠠᠷᠢᠮᠵᠢᠶ᠎ᠠ ᠳᠤ ᠵᠣᠬᠢᠴᠠᠭᠤᠯᠤᠨ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ︽ | ᠮᠦᠩᠭᠡ ᠰᠤᠪᠠᠭ · ᠲᠦᠷᠪᠡ ᠶᠢ ᠭᠦᠢᠴᠡᠤᠡᠭᠡᠬᠦ︾ ᠠᠵᠢᠯ ᠢ ᠨᠠᠷᠢᠨ ᠨᠠᠶᠢᠳᠠᠪᠤᠷᠢᠵᠢᠭᠤᠯᠵᠤ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ | ︽ᠨᠢᠭᠡᠳᠦᠭᠡᠷ ᠭᠠᠷ︾ ᠪᠡᠶ᠎ᠡ ᠪᠠᠷ ᠢᠶᠠᠨ ︽ᠲᠦᠷᠪᠡ ᠶᠢ ᠡᠷᠬᠢᠯᠡᠬᠦ︾ ᠠᠵᠢᠯ ᠢ ᠠᠳᠬᠤᠬᠤ ᠲᠣᠭᠲᠠᠴᠠ ᠶᠢ | ᠪᠠᠶᠢᠭᠤᠯᠵᠤ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠬᠤᠪᠢᠳᠠᠨ ᠬᠠᠮᠢᠶᠠᠷᠴᠤ ᠪᠠᠶᠢᠭ᠎ᠠ | ᠤᠳᠤᠷᠢᠳᠤᠯᠭ᠎ᠠ ᠰᠢᠭᠤᠳ ᠠᠳᠬᠤᠬᠤ ᠬᠡᠷᠡᠭᠲᠡᠶ᠃ ᠳᠠᠷᠤᠯᠲᠠ ᠶᠢ ᠳᠠᠮᠵᠢᠭᠤᠯᠬᠤ ᠲᠣᠭᠲᠠᠴᠠ ᠶᠢ ᠪᠠᠶᠢᠭᠤᠯᠵᠤ᠂ ︽ | ᠨᠢᠭᠡᠳᠦᠭᠡᠷ ᠭᠠᠷ︾ ᠢ ᠱᠠᠳᠤ ᠱᠠᠳᠤ ᠪᠠᠷ ᠠᠳᠬᠤᠬᠤ ᠪᠠᠷ ᠳᠠᠮᠵᠢᠭᠤᠯᠤᠨ᠂ ᠳᠠᠷᠤᠯᠲᠠ ᠶᠢ ᠦᠨᠳᠦᠰᠦᠨ ᠱᠠᠲᠤᠨ ᠳᠤ | ᠳᠠᠮᠵᠢᠭᠤᠯᠬᠤ ᠬᠡᠷᠡᠭᠲᠡᠶ᠃ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠵᠤ᠂ ᠤᠬᠠᠭᠤᠯᠬᠤ ᠠᠴᠢᠶᠠᠯᠠᠪᠤᠷᠢ ᠶᠢ | ᠪᠠᠶᠠᠯᠢᠭᠵᠢᠭᠤᠯᠤᠨ᠂ ᠤᠬᠠᠭᠤᠯᠤᠨ ᠳᠡᠯᠭᠡᠷᠡᠭᠦᠯᠬᠦ ᠠᠵᠢᠯ ᠢ ᠣᠯᠠᠨ ᠠᠷᠭ᠎ᠠ ᠵᠠᠮ᠂ ᠣᠯᠠᠨ ᠠᠷᠭ᠎ᠠ ᠵᠠᠮ᠂ ᠪᠥᠬᠦ | ᠲᠠᠯ᠎ᠠ ᠪᠠᠷ ᠰᠠᠶᠢᠲᠤᠷ ᠬᠢᠵᠦ᠂ ᠠᠵᠤ ᠠᠬᠤᠶᠢᠯᠠᠯ ᠤᠨ ᠣᠯᠠᠨ ᠲᠦᠮᠡᠨ ᠳᠤ ︽ᠮᠦᠩᠭᠡ ᠰᠤᠪᠠᠭ · ᠲᠦᠷᠪᠡ ᠶᠢ | ᠭᠦᠢᠴᠡᠤᠡᠭᠡᠬᠦ︾ ᠢ ᠣᠶᠢᠯᠠᠭᠠᠭᠤᠯᠵᠤ᠂ ︽ᠮᠦᠩᠭᠡ ᠰᠤᠪᠠᠭ · ᠲᠦᠷᠪᠡ ᠶᠢ ᠭᠦᠢᠴᠡᠤᠡᠭᠡᠬᠦ︾ ᠠᠷᠭ᠎ᠠ ᠵᠠᠮ ᠢᠶᠠᠷ | ᠠᠵᠢᠯ ᠶᠠᠪᠤᠳᠠᠯ ᠭᠦᠢᠴᠡᠤᠡᠭᠡᠬᠦ ᠳᠠᠳᠬᠠᠯ ᠢ ᠠᠯᠬᠤᠮ ᠠᠯᠬᠤᠮ ᠢᠶᠠᠷ ᠪᠣᠶ ᠪᠣᠯᠭᠠᠵᠤ᠂ ᠪᠣᠳᠠᠲᠠᠶ ᠶᠢ ᠡᠷᠬᠢᠮᠯᠡᠨ | ᠬᠠᠷᠢᠭᠤᠴᠠᠯᠭ᠎ᠠ ᠡᠭᠦᠷᠭᠡᠯᠡᠬᠦ ᠰᠤᠷᠲᠠᠯ ᠢᠶᠠᠷ ︽ᠮᠦᠩᠭᠡ ᠰᠤᠪᠠᠭ · ᠲᠦᠷᠪᠡ ᠶᠢ ᠭᠦᠢᠴᠡᠤᠡᠭᠡᠬᠦ︾ ᠠᠵᠢᠯ ᠤᠨ | ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ | ᠴᠢᠩᠭᠠᠳᠬᠠᠵᠤ᠂ ᠲᠤᠬᠢᠷᠠᠭᠤᠯᠭ᠎ᠠ ᠶᠢᠨ ᠠᠵᠢᠯ ᠤᠨ ᠪᠠᠶᠢᠳᠠᠯ ᠢ ᠤᠳᠤᠷᠢᠳᠬᠤ ᠪᠠᠭ ᠤᠨ ᠪᠣᠳᠠᠲᠤ ᠠᠮᠵᠢᠯᠲᠠ ᠶᠢ | ᠬᠢᠨᠠᠨ ᠰᠢᠯᠭᠠᠬᠤ ᠳᠤ ᠣᠷᠣᠭᠤᠯᠵᠤ᠂ ︽ᠲᠦᠷᠪᠡ ᠶᠢ ᠭᠦᠢᠴᠡᠤᠡᠭᠡᠬᠦ︾ ᠥᠭᠡᠷᠡᠴᠢᠯᠡᠯᠲᠡ ᠶᠢᠨ ᠬᠠᠷᠠᠯᠲᠠ ᠡᠭᠦᠷᠭᠡ ᠶᠢ | ᠴᠠᠭ ᠲᠤᠬᠠᠢ ᠳᠤᠨᠢ ᠪᠡᠶᠡᠯᠡᠭᠦᠯᠬᠦ ᠶᠢ ᠬᠡᠳᠡᠷᠬᠦ ᠰᠢᠬᠠᠮᠳᠠᠭᠤᠯᠬᠤ ᠬᠡᠷᠡᠭᠲᠡᠢ ᠭᠡᠵᠠᠢ᠃ | | |