ᠬᠠᠶᠢᠷᠤᠪ ᠤᠨ ᠲᠤᠬᠤᠢ ᠲᠤᠭᠤᠷᠢᠭ ᠤᠨ ᠨᠡᠶᠢᠭᠡᠮ ᠤᠨ ᠶᠡᠷᠦᠩᠬᠡᠶᠢᠯᠡᠭᠰᠡᠨ ᠵᠥᠷᠢᠴᠡᠯ ᠢ ᠬᠠᠮᠲᠤᠷᠠᠨ ᠰᠢᠢᠳᠪᠦᠷᠢᠯᠡᠬᠦ ᠲᠥᠪ ᠵᠠᠭᠤᠷᠠᠯᠳᠤᠭᠠᠨ ᠢ ᠡᠶᠡᠳᠡᠭᠦᠯᠬᠦ ᠪᠠ ᠵᠥᠷᠢᠴᠡᠯ ᠢ ᠤᠷᠢᠳᠴᠢᠯᠠᠨ ᠰᠡᠷᠭᠡᠶᠢᠯᠡᠬᠦ ᠬᠥᠭᠦᠷᠭᠡ ᠶᠢ ᠪᠠᠶᠢᠭᠤᠯᠪᠠ
ᠨᠡᠶᠢᠲᠡᠯᠡᠭᠰᠡᠨ ᠴᠠᠭ᠄
2021/12/9
     ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠠᠵᠢᠯ ᠢ ᠪᠦᠬᠦ ᠲᠠᠯ᠎ᠠ ᠪᠠᠷ ᠳᠥᠯᠭᠢᠨ ᠠᠬᠢᠭᠤᠯᠬᠤ ᠶᠢᠨ ᠲᠥᠯᠥᠭᠡ ᠂ ᠬᠠᠶᠢᠷᠤᠪ ᠤᠨ ᠲᠤᠬᠤᠢ ᠲᠤᠭᠤᠷᠢᠭ ᠤᠨ ᠨᠡᠶᠢᠭᠡᠮ ᠤᠨ ᠶᠡᠷᠦᠩᠬᠡᠶᠢᠯᠡᠭᠰᠡᠨ ᠵᠥᠷᠢᠴᠡᠯ ᠢ ᠬᠠᠮᠲᠤᠪᠠᠷ ᠰᠢᠢᠳᠪᠦᠷᠢᠯᠡᠬᠦ ᠲᠥᠪ ᠤᠨ ᠬᠢᠨ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠤᠷᠠᠯᠳᠤᠭᠠᠨ ᠢ ᠡᠶᠡᠳᠡᠭᠦᠯᠬᠦ ᠪᠠ ᠵᠥᠷᠢᠴᠡᠯ ᠢ ᠤᠷᠢᠳᠴᠢᠯᠠᠨ ᠰᠡᠷᠭᠡᠶᠢᠯᠡᠬᠦ ᠬᠥᠭᠦᠷᠭᠡ ᠶᠢ ᠪᠠᠶᠢᠭᠤᠯᠵᠤ᠂ ᠠᠷᠠᠳ ᠤᠨ ᠡᠶᠡᠳᠡᠭᠦᠯᠭᠡ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ 13 ᠡᠶᠡᠳᠡᠭᠦᠯᠬᠦ ᠲᠠᠰᠤᠭ ᠢ ᠪᠠᠶᠢᠭᠤᠯᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠳᠤᠮᠳᠠᠬᠢ ᠠᠷᠠᠳ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠵᠡᠷᠭᠡ ᠶᠢᠨ ᠰᠠᠭᠤᠷᠢ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠳᠤ ᠦᠢᠯᠡᠴᠢᠯᠡᠬᠦ ︽ᠶᠡᠭᠡ ᠶᠠᠪᠤᠳᠠᠯ︾᠎ ᠢ ᠪᠦᠲᠦᠭᠡᠪᠡ᠃      ᠡᠨᠡ ᠵᠢᠯ ᠤᠨ 8 ᠰᠠᠷ᠎ᠠ ᠶᠢᠨ 25᠎ ᠤ ᠡᠳᠦᠷ ᠴᠢᠶᠣᠤ ᠠᠪᠤᠭᠠᠶ ᠨᠢᠭᠡᠨ ᠪᠠᠶᠢᠭᠤᠯᠭ᠎ᠠ ᠶᠢᠨ ᠲᠣᠮᠣ ᠠᠰᠠᠷ ᠤᠨ ᠨᠢᠯᠴᠠᠭᠠᠶ ᠶᠢ ᠬᠤᠰᠤᠵᠤ ᠪᠠᠶᠢᠬᠤ ᠳᠠᠭᠠᠨ ᠰᠠᠨᠠᠮᠰᠠᠷ ᠦᠭᠡᠶ ᠪᠠᠷ 1.4 ᠮᠧᠲᠷ ᠤᠨ ᠰᠠᠨᠳᠠᠯᠢ ᠳᠡᠭᠡᠷ᠎ᠡ ᠠᠴᠠ ᠤᠨᠠᠵᠤ ᠢᠷᠡᠭᠡᠳ ᠰᠢᠷᠬᠠᠲᠤᠭᠰᠠᠨ ᠠᠴᠠ ᠬᠥᠯ ᠤᠨ ᠪᠣᠷᠪᠢ ᠨᠢ ᠠᠩ ᠭᠠᠷᠴᠤ᠂ ᠨᠢᠷᠤᠭᠤ ᠨᠢ ᠪᠡᠷᠲᠡᠵᠡᠶ᠃ ᠡ᠊ᠨᠳᠡᠯ ᠭᠠᠷᠤᠭᠰᠠᠨ ᠤ ᠲᠠᠷᠠᠭ᠎ᠠ᠂ ᠬᠤᠶᠠᠷ ᠲᠠᠯ᠎ᠠ ᠪᠠᠷ ᠢᠶᠠᠨ ᠲᠥᠯᠥᠪᠦᠷᠢ ᠶᠢᠨ ᠰᠠᠨᠠᠯ ᠢᠶᠠᠨ ᠰᠠᠨᠠᠯ ᠨᠢᠭᠡᠲᠡᠶ ᠲᠣᠭᠲᠠᠭᠠᠵᠤ ᠴᠢᠳᠠᠬᠤ ᠦᠭᠡᠢ ᠠᠴᠠ ᠪᠤᠯᠵᠤ ᠵᠥᠷᠢᠴᠡᠯ ᠵᠢᠭᠤᠷᠠᠯᠳᠤᠭᠠᠨ ᠡᠭᠦᠰᠴᠡᠶ᠃ ᠤᠢᠢᠷ᠎ᠠ ᠶᠢᠨ ᠡᠳᠦᠷ᠂ ᠲᠡᠷᠡ ᠬᠠᠶᠢᠷᠤᠪ ᠤᠨ ᠲᠤᠬᠤᠢ ᠲᠣᠭᠤᠷᠢᠭ ᠤᠨ ᠨᠡᠶᠢᠭᠡᠮ ᠤᠨ ᠶᠡᠷᠦᠩᠬᠡᠶᠢᠯᠡᠭᠰᠡᠨ ᠵᠥᠷᠢᠴᠡᠯ ᠢ ᠰᠢᠢᠳᠪᠦᠷᠢᠯᠡᠬᠦ ᠬᠠᠮᠲᠤᠷᠠᠭᠰᠠᠨ ᠲᠥᠪ ᠲᠤ ᠬᠦᠷᠴᠦ ᠭᠤᠮᠣᠳᠠᠯ ᠱᠠᠭᠠᠷᠳᠠᠯᠭ᠎ᠠ ᠪᠠᠨ ᠳᠡᠭᠡᠭᠰᠢ ᠮᠡᠳᠡᠭᠦᠯᠵᠦ᠂ ᠴᠣᠩᠬᠤᠨ ᠤ ᠠᠵᠢᠯᠲᠠᠳ ᠤᠨ ᠨᠠᠷᠢᠨ ᠣᠶᠢᠯᠠᠭᠠᠭᠰᠠᠨ ᠢᠶᠠᠷ᠂ ᠲᠡᠭᠦᠨ ᠤ ᠭᠤᠮᠣᠳᠠᠯ ᠱᠠᠭᠠᠷᠳᠠᠯᠭ᠎ᠠ ᠶᠢ ᠴᠠᠭ ᠲᠤᠬᠠᠢ ᠳᠤᠨᠢ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠰᠤᠭ ᠲᠤ ᠲᠣᠮᠢᠯᠠᠪᠠ᠃ ᠤᠯᠠᠨ ᠲᠠᠯ᠎ᠠ ᠶᠢᠨ ᠬᠢᠨ ᠤ ᠨᠡᠪᠲᠡᠷᠡᠯᠴᠡᠭᠡ᠂ ᠬᠠᠮᠲᠤ ᠶᠢᠨ ᠴᠢᠷᠮᠠᠶᠢᠯᠭ᠎ᠠ ᠪᠠᠷ ᠲᠠᠮᠵᠢᠨ᠂ ᠲᠠᠷᠠᠭ᠎ᠠ ᠡᠳᠦᠷ ᠨᠢ ᠬᠤᠶᠠᠷ ᠲᠠᠯ᠎ᠠ ᠪᠠᠷ ᠢᠶᠠᠨ ᠰᠠᠨᠠᠯ ᠨᠢᠭᠡᠳᠴᠦ᠂ ᠳ᠋ᠤᠭᠠᠷ ᠢ ᠬᠠᠰᠤᠵᠤ ᠬᠡᠷᠡᠭ ᠢ ᠳᠠᠭᠤᠰᠬᠠᠪᠠ᠃      ᠡᠨᠡ ᠵᠢᠯ ᠠᠴᠠ ᠨᠠᠰᠢ᠂ ᠲᠥᠪ ᠠᠴᠠ ᠨᠢᠭᠡᠨᠲᠡ 1531 ᠬᠤᠪᠢ ᠭᠤᠮᠣᠳᠠᠯ ᠱᠠᠭᠠᠷᠳᠠᠯᠭ᠎ᠠ ᠶᠢ ᠬᠦᠯᠢᠶᠡᠨ ᠠᠪᠴᠤ ᠰᠢᠢᠤᠡᠪᠤᠷᠢᠯᠡᠵᠤ᠂ 1446 ᠬᠤᠪᠢ ᠬᠡᠷᠡᠭ ᠢ ᠳᠠᠭᠤᠰᠬᠠᠨ᠂ ᠰᠢᠭᠦᠵᠦ ᠳᠠᠭᠤᠰᠬᠠᠭᠰᠠᠨ ᠨᠣᠷᠮ᠎ᠠ ᠨᠢ 94.46%᠎ ᠳᠤ ᠬᠦᠷᠴᠦ᠂ 2320 ᠬᠥᠮᠦᠨ ᠢ ᠬᠦᠯᠢᠶᠡᠨ ᠠᠪᠴᠤ ᠵᠣᠴᠢᠯᠠᠵᠠᠶ᠃ ᠳᠠᠷᠠᠭᠠᠴᠢ ᠶᠢᠨ ᠠᠯᠬᠤᠮ ᠳᠤ᠂ ᠭᠤᠣᠯᠳᠠᠯᠭ᠎ᠠ ᠨᠢ ᠣᠯᠠᠨ ᠲᠦᠮᠡᠨ ᠤ ᠬᠡᠷᠡᠭᠴᠡᠭᠡ ᠪᠠᠷ ᠡᠭᠦᠰᠭᠡᠯ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠵᠣᠭᠰᠣᠴᠠ ᠪᠣᠯᠭᠠᠵᠤ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠣᠯᠠᠨ ᠡᠰᠢᠵᠢᠭᠰᠡᠨ ᠰᠢᠢᠤᠡᠪᠤᠷᠢᠯᠡᠬᠦ ᠠᠷᠭ᠎ᠠ ᠮᠠᠶ᠋ᠢᠭ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ︽ᠨᠢᠭᠡ ᠵᠢᠭᠤᠷᠠᠯᠳᠤᠭᠠᠨ ᠢ ᠡᠶᠡᠳᠡᠭᠦᠯᠦᠨ᠂ ᠨᠢᠭᠡ ᠪᠦᠯᠦᠭ ᠠᠰᠠᠭᠤᠳᠠᠯ ᠢ ᠰᠢᠢᠤᠡᠪᠤᠷᠢᠯᠡᠵᠤ᠂ ᠨᠢᠭᠡ ᠲᠥᠷᠥᠯ ᠤᠨ ᠵᠥᠷᠢᠴᠡᠯ ᠢ ᠰᠡᠷᠭᠡᠶᠢᠯᠡᠬᠦ︾  ᠤᠶᠢᠯᠡᠳᠤᠯ ᠢ ᠪᠠᠳᠠᠷᠠᠭᠤᠯᠬᠤ ᠶᠢ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号