ᠬᠤᠲᠠ ᠶᠢᠨ ᠬᠡᠪᠴᠢᠶᠡᠨ ᠤ ᠵᠠᠰᠠᠯᠲᠠ ᠨᠢ ᠪᠠᠶᠠᠷ ᠤᠨ ᠡᠳᠦᠷ ᠠᠴᠠ ᠡᠮᠦᠨᠡᠬᠢ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ
ᠨᠡᠶᠢᠲᠡᠯᠡᠭᠰᠡᠨ ᠴᠠᠭ᠄
2021/2/1
     ᠴᠠᠭᠠᠨ ᠰᠠᠷ᠎ᠠ ᠣᠶᠢᠷᠠᠳᠴᠤ᠂ ᠠᠮᠤᠷ ᠠᠮᠤᠭᠤᠯᠠᠩ ᠢᠶᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ ᠪᠠᠲᠤᠯᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠭᠡᠮ ᠡᠭᠦᠰᠬᠦ ᠶᠢ ᠰᠡᠷᠭᠡᠶᠢᠯᠡᠨ ᠪᠠᠭᠠᠰᠬᠠᠬᠤ ᠶᠢᠨ ᠲᠥᠯᠥᠭᠡ ᠵᠢᠶᠠ ᠶᠤᠸᠠᠨ ᠨᠡᠶᠢᠭᠡᠮ ᠲᠣᠭᠤᠷᠢᠭ 2021 ᠣᠨ ᠤ 1 ᠰᠠᠷ᠎ᠠ ᠶᠢᠨ 29  ᠎ ᠤ ᠡᠳᠦᠷ ᠬᠡᠰᠡᠭ ᠲᠣᠭᠤᠷᠢᠭ ᠎ ᠤᠨ ᠳᠣᠲᠣᠷᠠᠬᠢ ᠬᠤᠳᠠᠯᠳᠤᠭᠠᠨ ᠤ ᠳᠡᠯᠭᠡᠭᠦᠷ ᠤᠨ ᠭᠠᠯ ᠰᠡᠷᠭᠡᠶᠢᠯᠡᠬᠦ ᠲᠥᠬᠦᠭᠡᠷᠦᠮᠵᠢ ᠶᠢᠨ ᠪᠠᠶᠢᠴᠠᠭᠠᠯᠲᠠ ᠬᠢᠪᠠ᠃      ᠰᠦᠯᠵᠢᠶᠡᠨ ᠤ ᠵᠠᠭᠪᠤᠷ ‍ᠤᠨ‌ᠠᠵᠢᠯᠲᠠᠨ ᠪᠣᠯᠤᠨ ᠬᠠᠮᠢᠶᠠᠷᠤᠯᠲᠠ ᠶᠢᠨ ᠬᠡᠯᠲᠡᠰ ᠤᠨ ᠡᠷᠬᠢᠯᠡᠭᠴᠢ ᠬᠠᠮᠲᠤ ᠪᠠᠷ ᠬᠤᠳᠠᠯᠳᠤᠭᠠᠨ ᠤ ᠳᠡᠯᠭᠡᠭᠦᠷ ᠢ ᠲᠣᠭᠤᠷᠢᠨ ᠪᠠᠶᠢᠴᠠᠭᠠᠵᠤ᠂ ᠬᠤᠳᠠᠯᠳᠤᠭᠠᠨ ᠤ ᠳᠡᠯᠭᠡᠭᠦᠷ ᠲᠤ ᠭᠠᠯ ᠤᠨᠲᠠᠷᠠᠭᠠᠭᠤᠷ ᠪᠠᠶᠢᠬᠤ ᠡᠰᠡᠬᠦ᠂ ᠭᠠᠯ ᠤᠨᠲᠠᠷᠠᠭᠠᠭᠤᠷ ᠬᠡᠪ ᠢᠶᠠᠷ ᠬᠡᠷᠡᠭᠯᠡᠵᠦ ᠪᠣᠯᠬᠤ ᠡᠰᠡᠬᠦ᠂ ᠵᠢᠯ ᠤᠨ ᠪᠠᠶᠢᠴᠠᠭᠠᠯᠲᠠ ᠬᠢᠬᠦ ᠡᠰᠡᠬᠦ ᠎ ᠶᠢ ᠨᠠᠷᠢᠨ ᠪᠠᠢᠴᠠᠭᠠᠨ᠎ᠠ᠃ ᠽᠤᠸᠠᠨ ᠪᠸᠢ ᠰᠠᠭᠤᠭᠠᠯᠢ ᠠᠷᠠᠳ ᠤᠨ ᠲᠣᠭᠤᠷᠢᠭ ᠤᠨ ᠭᠠᠳᠠᠭᠤᠷᠬᠢ ᠣᠷᠣᠰᠢᠭᠤᠯᠭ᠎ᠠ ᠶᠢᠨ ᠰᠢᠷᠢᠰ ᠬᠤᠳᠠᠯᠳᠤᠭᠠᠨ ᠤ ᠫᠦᠰᠡ ᠶᠢ ᠭᠤᠤᠯᠳᠠᠯᠭ᠎ᠠ ᠲᠠᠢ ᠪᠠᠶᠢᠴᠠᠭᠠᠵᠤ᠂ ᠨᠢᠭᠡᠨ ᠬᠤᠳᠠᠯᠳᠤᠭᠠᠨ ᠤ ᠳᠡᠯᠭᠡᠭᠦᠷ ᠲᠤ ᠭᠠᠯ ᠤᠨᠲᠠᠷᠠᠭᠠᠭᠤᠷ ᠳᠣᠭᠢᠷᠠᠭᠤᠯᠤᠭᠰᠠᠨ ᠥᠬᠡᠶ ᠶᠢ ᠣᠯᠵᠤ ᠮᠡᠳᠡᠪᠡ᠂ ᠬᠤᠭᠤᠯᠠᠶ ᠶᠢᠨ ᠢᠯᠲᠠᠰᠤ ᠶᠢᠨ ᠡᠷᠬᠢᠯᠡᠭᠴᠢ ᠪᠠ ᠲᠣᠤᠷᠵᠢᠭᠤᠯᠤᠭᠴᠢ ᠲᠡᠭᠦᠨ ᠳᠤ ᠭᠠᠯ ᠤᠨᠲᠠᠷᠠᠭᠠᠭᠤᠷ ᠳᠣᠭᠢᠷᠠᠭᠤᠯᠤᠭᠰᠠᠨ ᠥᠬᠡᠶ ᠬᠦᠨᠳᠦ ᠨᠣᠴᠢᠲᠠᠶ ᠴᠢᠨᠠᠷ ᠢ ᠮᠡᠳᠡᠭᠳᠡᠵᠦ᠂ ᠬᠤᠳᠠᠯᠳᠤᠭᠠᠨ ᠤ ᠳᠡᠯᠭᠡᠭᠦᠷ ᠤᠨ ᠬᠠᠮᠢᠶᠠᠷᠤᠯᠲᠠ ᠶᠢᠨ ᠠᠵᠢᠯᠲᠠᠨ ᠠᠯᠢ ᠲᠦᠷᠭᠡᠨ ᠢᠶᠠᠷ ᠬᠤᠳᠠᠯᠳᠤᠨ ᠠᠪᠬᠤ ᠪᠠᠷ ᠵᠥᠪᠰᠢᠶᠡᠷᠡᠭᠰᠡᠨ ᠤ ᠳᠠᠷᠠᠭ᠎ᠠ ᠴᠠᠭ ᠲᠤᠬᠠᠶ ᠳᠤᠨᠢ ᠳᠡᠭᠡᠭᠰᠢ ᠮᠡᠳᠡᠭᠦᠯᠪᠡ᠃      ᠲᠣᠰ ᠤᠳᠠᠭᠠᠨ ᠤ ᠲᠣᠭᠤᠷᠢᠨ ᠪᠠᠶᠢᠴᠠᠭᠠᠯᠲᠠ ᠪᠠᠷ ᠳᠠᠮᠵᠢᠭᠤᠯᠤᠨ᠂ ᠳᠡᠯᠭᠡᠭᠦᠷ ᠬᠠᠮᠢᠶᠠᠷᠤᠭᠴᠢ ᠶᠢᠨ ᠠᠮᠤᠷ ᠲᠦᠪᠰᠢᠨ ᠤ ᠤᠬᠠᠮᠰᠠᠷ ᠢ ᠴᠢᠩᠭᠠᠷᠠᠭᠤᠯᠵᠤ᠂ ᠬᠤᠶᠢᠰᠢᠳᠠ ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠴᠢᠬᠤᠯᠠᠴᠢᠯᠠᠵᠤ᠂ ᠲᠣᠰ ᠤᠳᠠᠭᠠᠨ ᠤ ᠵᠢᠭᠰᠠᠭᠠᠨ ᠪᠠᠶᠢᠴᠠᠭᠠᠯᠲᠠ ᠎ ᠪᠠᠷ ᠠᠵᠠ ᠲᠣᠬᠢᠶᠠᠯ ᠪᠣᠯᠭᠠᠨ᠂ ᠠᠮᠤᠷ ᠲᠦᠪᠰᠢᠨ ᠤ ᠠᠵᠢᠯ ᠤᠨ ᠳᠤᠮᠳᠠ ᠣᠯᠵᠤ ᠮᠡᠳᠡᠭᠰᠡᠨ ᠰᠢᠨ᠎ᠡ ᠠᠰᠠᠭᠤᠳᠠᠯ ᠢ ᠴᠠᠭ ᠲᠤᠬᠠᠶ ᠳᠤᠨᠢ ᠰᠢᠶᠳᠪᠦᠷᠢᠯᠡᠵᠦ᠂ ᠬᠠᠷᠢᠶ᠎ᠠ ᠣᠷᠣᠨ ᠤ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠮᠤᠷ ᠲᠦᠪᠰᠢᠨ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ ᠪᠠᠶᠢᠭᠤᠯᠬᠤ ᠶᠢᠨ ᠲᠥᠯᠥᠭᠡ ᠴᠢᠷᠮᠠᠶᠢᠬᠤ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号