ᠬᠠᠶᠢᠷᠤᠪ ᠤᠨ ᠲᠤᠬᠤᠢ ᠲᠣᠭᠤᠷᠢᠭ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠦᠨᠳᠦᠰᠦᠨ ᠱᠠᠲᠤᠨ ᠤ ᠤᠨᠤᠯ ᠢ ᠬᠠᠮᠲᠤ ᠪᠠᠷ ᠡᠳ᠋ᠯᠡᠬᠦ ᠬᠢᠴᠢᠶᠡᠯ ᠤᠨ ᠲᠠᠩᠬᠢᠮ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/2/1
  1 ᠰᠠᠷ᠎ᠠ ᠶᠢᠨ 29  ᠎ ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠦᠨᠳᠦᠰᠦᠨ ᠱᠠᠲᠤᠨ ᠤ ᠣᠨᠣᠯ ᠢ ᠬᠠᠮᠲᠤ ᠪᠠᠷ ᠡᠳ᠋ᠯᠡᠬᠦ ᠬᠢᠴᠢᠶᠡᠯ ᠤᠨ ᠲᠠᠩᠬᠢᠮ ᠳᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠠᠮ ᠵᠠᠰᠠᠭ ᠤᠨ ᠶᠣᠰᠣᠯᠠᠯ ᠤᠨ ᠲᠠᠩᠬᠢᠮ ᠳᠤ ᠶᠠᠪᠤᠭᠳᠠᠵᠤ᠂  ᠲᠤᠭᠤᠷᠢᠭ ᠎ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠥᠮᠦᠰ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠠᠶᠢᠷᠤᠪ ᠤᠨ ᠲᠣᠬᠤᠶ ᠲᠣᠭᠤᠷᠢᠭ ᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠪᠠ᠃
    ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠥᠮᠦᠰ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ 《 ᠰᠠᠨᠠᠭᠤᠯᠭ᠎ᠠ 》  ᠎ ᠶᠢᠨ ᠲᠣᠭᠤᠷᠢᠨ ᠳᠤ᠂ 《 ᠰᠠᠨᠠᠭᠤᠯᠭ᠎ᠠ 》  ᠎ ᠶᠢᠨ ᠭᠤᠤᠯ ᠠᠭᠤᠯᠭ᠎ᠠ᠂ ᠵᠢᠯᠣᠭᠤᠳᠬᠤ ᠦᠵᠡᠯ ᠰᠠᠨᠠᠭ᠎ᠠ᠂ ᠵᠢᠷᠤᠮᠯᠠᠬᠤ ᠵᠠᠷᠴᠢᠮ ᠪᠣᠯᠤᠨ ᠭᠤᠤᠯ ᠰᠡᠳᠦᠪ ᠭᠤᠤᠯ ᠱᠤᠭᠤᠮ ᠤᠨ ᠲᠤᠬᠠᠶ ᠰᠢᠰᠲ᠋ᠧᠮ ᠲᠠᠢ ᠲᠠᠶᠢᠯᠪᠤᠷᠢᠯᠠᠯᠲᠠ ᠬᠢᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠲᠡᠦᠬᠡᠲᠦ ᠠᠴᠢ ᠬᠤᠯᠪᠣᠭᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠶᠡᠷᠦᠩᠬᠡᠶ ᠱᠦᠵᠢ ᠰᠢ ᠶᠢᠨ ᠫᠢᠩ ᠤᠨ 《 ᠠᠷᠪᠠᠨ ᠳᠥᠷᠪᠡᠳᠦᠭᠡᠷ ᠲᠠᠪᠤᠨ ᠵᠢᠯ 》  ᠎ ᠤᠨ ᠲᠥᠯᠥᠪᠵᠢᠭᠦᠯᠭᠡ ᠶᠢᠨ ᠰᠠᠨᠠᠭᠤᠯᠭ᠎ᠠ ᠶᠢᠨ ᠲᠤᠬᠠᠶ ᠪᠠᠶᠢᠯᠳᠤᠬᠤ ᠪᠣᠳᠣᠯᠭ᠎ᠠ ᠎ ᠶᠢᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠠᠶᠢᠯᠤᠮᠵᠢ ᠬᠢᠪᠠ᠃ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠬᠤᠯᠪᠣᠭᠳᠠᠯ ᠪᠦᠬᠦᠢ ᠬᠥᠮᠦᠰ᠂ 《 ᠠᠷᠪᠠᠨ ᠳᠥᠷᠪᠡᠳᠦᠭᠡᠷ ᠲᠠᠪᠤᠨ ᠵᠢᠯ 》  ᠎ ᠤᠨ ᠬᠤᠭᠤᠴᠠᠭᠠᠨ ᠳᠤ᠂ ᠰᠤᠷᠭᠠᠨ ᠬᠥᠮᠦᠵᠢᠯ ᠤᠨ ᠪᠠᠶᠢᠭᠤᠯᠤᠮᠵᠢ ᠪᠣᠯᠤᠨ ᠰᠤᠷᠭᠠᠨ ᠬᠥᠮᠦᠵᠢᠯ ᠤᠨ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠎ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠴᠢᠨᠠᠭᠰᠢᠳᠠ ᠰᠢᠯᠢᠳᠡᠭᠵᠢᠭᠦᠯᠵᠦ᠂ ᠬᠤᠳᠠ ᠬᠥᠳᠡᠭᠡ ᠶᠢᠨ ᠬᠤᠭᠤᠷᠣᠨᠳᠣᠬᠢ᠂ ᠭᠠᠵᠠᠷ ᠣᠷᠣᠨ ᠤ ᠬᠤᠭᠤᠷᠣᠨᠳᠣᠬᠢ ᠰᠤᠷᠭᠠᠨ ᠬᠥᠮᠦᠵᠢᠯ ᠤᠨ ᠵᠥᠷᠢᠶ᠎ᠡ ᠶᠢ ᠪᠠᠭᠠᠰᠬᠠᠵᠤ᠂ ᠥᠷᠭᠡᠨ ᠤᠯᠠᠨ ᠠᠷᠠᠳ ᠲᠦᠮᠡᠨ ᠳᠤ ᠨᠡᠩ ᠡᠷᠬᠡ ᠲᠡᠭᠰᠢ᠂ ᠨᠡᠩ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠬᠦ ᠴᠢᠬᠤᠯᠠᠲᠠᠢ ᠭᠡᠵᠦ ᠳᠤᠷᠠᠳᠪᠠ᠃ ᠬᠠᠶᠢᠷᠤᠪ ᠤᠨ ᠲᠤᠬᠤᠢ ᠲᠣᠭᠤᠷᠢᠭ ᠰᠢᠯᠢᠳᠡᠭ ᠰᠤᠷᠭᠠᠨ ᠬᠥᠮᠦᠵᠢᠯ ᠤᠨ ᠪᠠᠷᠢᠮᠵᠢᠶ᠎ᠠ ᠎ ᠳᠤ ᠬᠦᠷᠭᠡᠬᠦ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠲᠤᠮᠤ ᠠᠩᠬᠢ ᠶᠢᠨ ᠵᠠᠭᠪᠤᠷ ᠢ ᠠᠷᠢᠯᠭᠠᠬᠤ᠂ ᠰᠤᠷᠭᠠᠭᠤᠯᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ᠂ ᠪᠠᠭᠰᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠩᠭᠠᠳᠬᠠᠬᠤ ᠵᠡᠷᠭᠡ ᠤᠯᠠᠨ ᠲᠠᠯ᠎ᠠ ᠠᠴᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠬᠠᠷᠠᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃     ᠲᠣᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠭᠤᠤᠯ ᠰᠡᠳᠦᠪ ᠨᠢ ᠢᠯᠡ ᠲᠣᠳᠣ᠂ ᠠᠭᠤᠯᠭ᠎ᠠ ᠨᠢ ᠡᠯᠪᠡᠭ ᠪᠠᠶᠠᠯᠢᠭ᠂ ᠦᠵᠡᠯ ᠰᠠᠨᠠᠭ᠎ᠠ ᠨᠢ ᠭᠦᠨ ᠭᠦᠨᠵᠡᠭᠡᠶ ᠪᠠᠶᠢᠵᠤ᠂ ᠬᠠᠶᠢᠷᠤᠪ ᠤᠨ ᠲᠣᠬᠤᠶ ᠲᠣᠭᠤᠷᠢᠭ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠳᠤ ᠴᠢᠬᠤᠯᠠ ᠵᠢᠯᠣᠭᠤᠳᠬᠤ ᠦᠶᠯᠡᠳᠦᠯ ᠲᠠᠢ ᠶᠤᠮ᠃ ᠲᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠢ ᠲᠣᠭᠤᠷᠢᠭ 《 ᠠᠷᠪᠠᠨ ᠳᠥᠷᠪᠡᠳᠦᠭᠡᠷ ᠲᠠᠪᠤᠨ ᠵᠢᠯ 》  ᠎ ᠤᠨ ᠬᠤᠭᠤᠴᠠᠭᠠᠨ ᠳᠤ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠵᠦ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠠᠷᠢᠮᠲᠠᠯᠠᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号