ᠬᠤᠤ ᠶᠢᠨ ᠬᠠᠢ
ᠨᠡᠶᠢᠲᠡᠯᠡᠭᠰᠡᠨ ᠴᠠᠭ᠄
2021/2/1
       ᠤᠳᠤᠷᠢᠳᠤᠯᠭ᠎ᠠ ᠶᠢᠨ ᠲᠠᠨᠢᠯᠴᠠᠭᠤᠯᠭ᠎ᠠ  ᠄ ᠬᠤᠤ ᠶᠢᠨ ᠬᠠᠢ᠂ ᠡᠮᠡᠭᠲᠠᠢ᠂ ᠮᠤᠩᠭᠤᠯ ᠦᠨᠳᠦᠰᠦᠲᠡᠨ᠂ 1963 ᠤᠨ ᠤ 3 ᠳ᠋ᠤᠭᠠᠷ ᠰᠠᠷ᠎ᠠ ᠳᠤ ᠦᠪᠤᠷ ᠮᠤᠩᠭᠤᠯ ᠤᠨ ᠲᠦᠮᠡᠳ ᠪᠠᠷᠠᠭᠤᠨ ᠬᠤᠰᠢᠭᠤᠨ ᠳᠤ ᠲᠦᠷᠦᠪᠡ᠂ 1980 ᠤᠨ ᠤ 12 ᠳ᠋ᠤᠭᠠᠷ ᠰᠠᠷ᠎ᠠ ᠳᠤ ᠠᠵᠢᠯ ᠳᠤ ᠤᠷᠤᠯᠴᠠᠵᠦ᠂ 1997 ᠤᠨ ᠤ 6 ᠳ᠋ᠤᠭᠠᠷ ᠰᠠᠷ᠎ᠠ ᠳᠤ ᠡᠪ ᠬᠠᠮᠳᠤ ᠨᠠᠮ ᠳᠤ ᠡᠯᠰᠡᠭᠳᠡᠪᠡ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠡᠷ ᠲᠠᠢ᠂ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ︵ᠦᠪᠡᠷ ᠢᠶᠠᠨ ᠰᠢᠯᠭᠠᠭᠰᠠᠨ︶᠎ ᠶᠢᠨ ᠬᠢᠳᠠᠳ ᠬᠡᠯᠡᠨ ᠤ ᠰᠠᠯᠪᠤᠷᠢ ᠠᠴᠠ ᠲᠡᠭᠦᠰᠴᠦ ᠂ ᠨᠢᠭᠡᠳᠤᠭᠡᠷ ᠳᠡᠰ ᠤᠨ ᠪᠠᠭᠰᠢ ︵ᠪᠠᠭ᠎ᠠ ᠰᠤᠷᠭᠠᠭᠤᠯᠢ ᠶᠢᠨ︶᠂       ᠲᠤᠰᠢᠶᠠᠯ᠄ ᠤᠳᠤ ᠬᠠᠶᠢᠷᠤᠪ ᠤᠨ ᠲᠤᠬᠤᠢ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ᠃        ᠠᠵᠢᠯ ᠤᠨ ᠬᠤᠪᠢᠶᠠᠷᠢᠯᠠᠯ᠄ ᠡᠷᠬᠢᠯᠡᠭᠴᠢ ᠶᠢᠨ ᠠᠵᠢᠯ ᠢ ᠬᠠᠪᠰᠤᠷᠴᠦ᠂ ᠬᠦᠭᠵᠢᠭᠦᠯᠦᠯᠲᠡ ᠬᠢᠭᠡᠳ ᠦᠭᠡᠷᠡᠴᠢᠯᠡᠯᠲᠡ ᠶᠢᠨ ᠲᠤᠪᠴᠢᠶ᠎ᠠ᠂ ᠠᠵᠦ ᠠᠬᠤᠢ ᠬᠢᠭᠡᠳ ᠮᠡᠳᠡᠭᠡ ᠵᠠᠩᠬᠢᠴᠢᠯᠠᠯᠲᠠ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠲᠠᠷᠢᠶᠠᠯᠠᠩ ᠮᠠᠯᠵᠢᠯ ᠣᠢ ᠰᠢᠭᠤᠢ ᠣᠰᠣᠨ ᠤ ᠲᠤᠪᠴᠢᠶ᠎ᠠ᠂ ᠬᠤᠳᠠᠯᠳᠤᠭᠠᠨ ᠤ ᠶᠠᠪᠤᠳᠠᠯ ᠎ ᠤᠨ ᠲᠤᠪᠴᠢᠶ᠎ᠠ᠂ ᠬᠢᠨᠠᠨ ᠪᠤᠳᠤᠬᠤ ᠲᠤᠪᠴᠢᠶ᠎ᠠ᠂ ᠲᠤᠭ᠎ᠠ ᠪᠦᠷᠢᠳᠭᠡᠯ ᠤᠨ ᠲᠤᠪᠴᠢᠶ᠎ᠠ᠂ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠦ ᠬᠠᠮᠢᠶᠠᠷᠬᠤ ᠲᠤᠪᠴᠢᠶ᠎ᠠ ᠳᠤ ᠬᠢᠨᠠᠯᠲᠠ ᠲᠠᠯᠪᠢᠵᠦ ᠪᠠᠶᠢᠴᠠᠭᠠᠨ ᠰᠤᠳᠤᠯᠤᠯᠲᠠ ᠬᠢᠬᠦ ᠠᠵᠢᠯ ᠢ ᠬᠠᠷᠢᠭᠤᠴᠠᠵᠦ᠂ ᠡᠳ᠋ ᠤᠨ ᠵᠠᠰᠠᠭ ᠠᠵᠦ ᠠᠬᠤᠢ ᠶᠢᠨ ᠠᠵᠢᠯ ᠤᠨ ᠵᠦᠪᠯᠡᠯ ᠢ ᠬᠤᠪᠢᠳᠠᠨ ᠬᠠᠮᠢᠶᠠᠷᠴᠦ᠂ ᠲᠤᠭᠤᠷᠢᠭ ᠤᠨ ᠦᠢᠯᠡᠳᠪᠦᠷᠢ ᠬᠤᠳᠠᠯᠳᠣᠭᠠᠨ ᠤ ᠬᠤᠯᠪᠤᠭ᠎ᠠ᠂ ᠤᠯᠤᠰ ᠤᠨ ᠭᠠᠶᠢᠯᠢ ᠶᠢᠨ ᠲᠣᠪᠴᠢᠶ᠎ᠠ᠂ ᠣᠷᠣᠨ ᠨᠣᠲᠤᠭ ᠤᠨ ᠭᠠᠶᠢᠯᠢ ᠶᠢᠨ ᠲᠤᠪᠴᠢᠶ᠎ᠠ᠂ ᠣᠯᠣᠰ ᠤᠨ ᠭᠠᠶᠢᠯᠢ ᠶᠢᠨ ᠰᠢᠭᠤᠳ ᠬᠠᠷᠢᠶ᠎ᠠ ᠬᠤᠪᠢᠶᠠᠷᠢ ᠲᠤᠪᠴᠢᠶ᠎ᠠ᠂ ᠣᠯᠣᠰ ᠤᠨ ᠭᠠᠵᠠᠷ ᠰᠢᠷᠣᠢ ᠶᠢᠨ ᠡᠬᠢ ᠪᠠᠶᠠᠯᠢᠭ ᠤᠨ ᠬᠤᠪᠢᠶᠠᠷᠢ ᠲᠤᠪᠴᠢᠶ᠎ᠠ᠂ ᠲᠦᠯᠦᠪᠵᠢᠭᠦᠯᠭᠡ ᠶᠢᠨ ᠬᠤᠪᠢᠶᠠᠷᠢ ᠲᠤᠪᠴᠢᠶ᠎ᠠ ᠵᠡᠷᠭᠡ ᠪᠠᠶᠢᠭᠤᠯᠭ᠎ᠠ ᠲᠠᠢ ᠬᠠᠷᠢᠯᠴᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号