ᠴᠢ ᠹᠧᠶ ᠶᠦᠨ ᠬᠠᠶᠢᠷᠤᠪ ᠤᠨ ᠲᠣᠬᠤᠶ ᠲᠣᠭᠤᠷᠢᠭ ᠤᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠶ ᠦᠶᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/2/1
    1 ᠰᠠᠷ᠎ᠠ ᠶᠢᠨ 28  ᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠠᠶᠢᠷᠤᠪ ᠤᠨ ᠲᠣᠬᠤᠶ ᠲᠣᠭᠤᠷᠢᠭ ᠤᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠶ ᠦᠶᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃
    ᠴᠢ ᠹᠸᠢ ᠶᠦᠨ ᠨᠠᠷ ᠤᠷᠢᠳ ᠬᠤᠵᠢᠳ ᠸᠠᠨ ᠴᠢ ᠶᠢᠨ ᠵᠢᠩ ᠬᠤᠸᠠ ᠨᠡᠭᠦᠷᠡᠰᠦᠨ ᠠᠭᠤᠷᠬᠠᠢ᠂ ᠮᠧᠩ ᠰᠢ ᠳᠡᠭᠡᠳᠤ ᠬᠤᠷᠳᠤᠨ ᠳᠡᠷᠭᠡᠨ ᠤ ᠵᠠᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ᠂ ᠮᠢᠩ ᠵᠦ ᠪᠦᠷᠢᠨ ᠪᠠᠷᠠᠭᠠᠲᠤ ᠳᠡᠯᠭᠡᠭᠦᠷ ᠪᠣᠯᠤᠨ 302 ᠵᠠᠬ᠎ᠠ ᠳᠡᠯᠭᠡᠭᠦᠷ ᠲᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠳᠡᠭᠡᠳᠤ ᠬᠤᠷᠳᠤᠨ ᠳᠡᠷᠭᠡᠨ ᠤ ᠵᠠᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠢ ᠨᠠᠷᠢᠨ ᠠᠰᠠᠭᠤᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠂ ᠵᠢᠵᠢᠭᠦᠷᠯᠡᠨ ᠰᠠᠬᠢᠬᠤ ᠵᠢᠴᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠢ ᠣᠶᠢᠯᠠᠭᠠᠪᠠ᠃      ᠴᠢ ᠹᠸᠢ ᠶᠦᠨ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠰᠢᠵᠢᠮ ᠢ ᠴᠠᠭ ᠢᠮᠠᠭᠲᠠ ᠴᠢᠩᠭᠠᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠠᠵᠤ ᠠᠬᠤᠶᠢᠯᠠᠯ ᠤᠨ ᠠᠶᠤᠯ ᠦᠭᠡᠶ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠲᠥᠬᠦᠭᠡᠷᠦᠮᠵᠢ ᠶᠢ ᠴᠠᠭ ᠲᠤᠬᠠᠶ ᠳᠤᠨᠢ ᠰᠢᠨᠡᠳᠬᠡᠬᠦ ᠪᠠ ᠬᠠᠮᠠᠭᠠᠯᠠᠵᠤ᠂ ᠠᠶᠤᠯ ᠦᠭᠡᠶ ᠦᠢᠯᠡᠳᠪᠦᠷᠢᠯᠡᠯ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ᠂ ᠬᠠᠤᠯᠢ ᠶᠣᠰᠣᠭᠠᠷ ᠡᠵᠡᠩᠨᠡᠬᠦ ᠵᠡᠷᠭᠡ ᠠᠵᠢᠯ ᠢ ᠦᠨᠡᠨᠬᠦ ᠰᠠᠶᠢᠲᠤᠷ ᠬᠢᠵᠦ᠂ ᠠᠵᠤ ᠠᠬᠤᠶᠢᠯᠠᠯ ᠤᠨ ᠡᠯ᠎ᠡ ᠵᠦᠢᠯ ᠤᠨ ᠠᠵᠢᠯ ᠤᠨ ᠠᠶᠤᠯ ᠦᠭᠡᠶ ᠪᠥᠭᠡᠳ ᠲᠣᠭᠲᠠᠭᠤᠨ ᠢᠶᠠᠷ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠢᠯᠢ ᠪᠠᠷ ᠣᠷᠣᠵᠤ ᠢᠷᠡᠬᠦ ᠬᠥᠮᠦᠰ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠳᠤᠮᠳᠠ ᠥᠨᠳᠥᠷ ᠠᠶᠤᠯ ᠲᠦᠭᠰᠢᠭᠦᠷᠢ ᠲᠠᠢ ᠭᠠᠵᠠᠷ ᠣᠷᠣᠨ ᠤ ᠬᠥᠮᠦᠰ ᠵᠢᠴᠢ ᠨᠡᠭᠦᠳᠡᠯ ᠬᠥᠮᠦᠰ ᠤᠨ ᠬᠠᠶᠢᠷᠤᠪ ᠤᠨ ᠲᠤᠬᠤᠢ ᠲᠣᠭᠤᠷᠢᠭ ᠲᠤ ᠣᠷᠣᠬᠤ ᠰᠢᠯᠭᠠᠨ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠢ᠃ ᠡᠭᠦᠨ ᠤ ᠬᠠᠮᠲᠤ᠂ ᠬᠥᠮᠦᠨ ᠬᠠᠷ᠎ᠠ ᠣᠯᠠᠨ ᠴᠤᠭᠯᠠᠷᠠᠳᠠᠭ ᠲᠠᠯᠠᠪᠤᠷ ᠭᠠᠵᠠᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠥᠮᠦᠰ ᠢ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠬᠥᠮᠦᠨ ᠬᠠᠷ᠎ᠠ ᠬᠤᠷᠠᠨ ᠴᠤᠭᠯᠠᠷᠠᠬᠤ ᠠᠴᠠ ᠵᠠᠶᠢᠯᠠᠰᠬᠢᠬᠦ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠢᠳᠡᠰᠢᠨ ᠨᠣᠭᠤᠭ᠎ᠠ᠂ ᠮᠢᠬᠠᠨ ᠤ ᠵᠦᠢᠯ ᠵᠡᠷᠭᠡ ᠲᠠᠸᠠᠷ ᠤᠨ ᠡᠩ ᠤᠨ ᠦᠨ᠎ᠡ ᠶᠢᠨ ᠬᠠᠩᠭᠠᠯᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠤᠯᠠᠨ ᠲᠦᠮᠡᠨ ᠤ ᠤᠯᠠᠨ ᠲᠡᠰ ᠳᠠᠪᠬᠤᠷᠭ᠎ᠠ ᠶᠢᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ᠂ ᠠᠷᠠᠳ ᠤᠯᠠᠨ ᠤ ᠠᠮᠤᠷ ᠲᠣᠭᠲᠠᠭᠤᠨ᠂ ᠡᠶ᠎ᠡ ᠨᠠᠶᠢᠷᠠᠮᠳᠠᠭᠤ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号